ᠪᠠᠶ᠋ᠬᠠᠤᠪᠤᠭ᠎ᠠ᠄ ᠪᠥᠬᠦ ᠬᠦᠴᠦᠨ ᠢᠶᠠᠷ ᠢᠶᠠᠨ ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2025/5/21
    ᠣᠶᠢᠷ᠎ᠠ ᠳᠤ᠂ ᠮᠠᠨ ᠤ ᠲᠣᠭᠤᠷᠢᠭ ᠤᠨ ᠨᠢᠭᠡ ᠭᠤᠤᠯᠳᠠᠯᠭ᠎ᠠ ᠪᠣᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠦᠶ᠎ᠡ ᠳᠤ᠂ ᠠᠵᠤ ᠠᠬᠤᠶᠢᠯᠠᠯ ᠤᠨ ᠪᠠᠴᠢᠮ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠲᠣᠭᠤᠷᠢᠭ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠠᠵᠤ ᠦᠢᠯᠡᠳᠪᠦᠷᠢ ᠶᠢᠨ ᠲᠣᠪᠴᠢᠶ᠎ᠠ ᠠᠴᠠ ᠵᠥᠪᠬᠡᠨ ᠬᠠᠭᠠᠰ ᠠᠵᠢᠯᠯᠠᠬᠤ ᠡᠳᠦᠷ ᠬᠡᠷᠡᠭᠯᠡᠨ ᠲᠡᠭᠦᠨ ᠳᠤ ᠲᠥᠷᠥᠯ ᠵᠦᠢᠯ ᠲᠣᠭᠲᠠᠭᠠᠬᠤ ᠵᠢᠴᠢ ᠡᠮᠦᠨᠡᠬᠢ ᠬᠤᠭᠤᠴᠠᠭᠠᠨ ᠤ ᠭᠠᠷᠳᠠᠮ ᠢ ᠬᠠᠪᠰᠤᠷᠤᠨ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠤᠷᠳᠤᠴᠠ ᠶᠢ ᠲᠦᠷᠭᠡᠳᠭᠡᠵᠦ︾᠂ ᠠᠵᠤ ᠠᠬᠤᠶᠢᠯᠠᠯ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃    ᠡᠨᠡ ᠵᠢᠯ ᠠᠴᠠ ᠨᠠᠭᠠᠰᠢ ᠂ ᠲᠣᠭᠤᠷᠢᠭ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ  ᠤᠬᠠᠭᠠᠨ  ᠲᠧᠭᠨᠢᠭ ᠮᠡᠷᠭᠡᠵᠢᠯ ᠠᠵᠤ ᠦᠢᠯᠡᠳᠪᠦᠷᠢ ᠶᠢᠨ ᠲᠣᠪᠴᠢᠶ᠎ᠠ ᠭᠠᠵᠠᠷ ᠣᠷᠣᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠤᠤᠯ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ︽ᠠᠮᠢᠨ ᠰᠤᠳᠠᠰᠤ︾ ᠪᠣᠯᠭᠠᠬᠤ ᠶᠢ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ︽ᠲᠥᠷᠥᠯ ᠵᠦᠢᠯ ᠢ ᠶᠡᠬᠡᠪᠡᠷ ᠠᠳᠬᠤᠵᠤ᠂ ᠲᠣᠮᠣ ᠲᠥᠷᠥᠯ ᠵᠦᠢᠯ ᠢ ᠠᠳᠬᠤᠬᠤ︾ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠪᠠᠨ ᠲᠦᠷᠭᠡᠳᠬᠡᠬᠦ︾ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃    ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠠᠵᠤ ᠠᠬᠤᠶᠢᠯᠠᠯ ᠤᠨ ᠨᠠᠶᠢᠳᠠᠪᠤᠷᠢᠵᠢᠭᠤᠯᠬᠤ ᠭᠤᠶᠤᠴᠢᠯᠠᠯ ᠢ ᠣᠯᠤᠭᠰᠠᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠷᠢᠯᠴᠠᠵᠤ ᠪᠠᠶᠢᠭᠠᠳ ᠪᠠᠶᠢᠳᠠᠯ ᠢ ᠣᠶᠢᠯᠠᠭᠠᠵᠤ᠂ ᠬᠠᠮᠢᠶ᠎ᠠ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠪᠠ ᠃ ᠵᠢᠯ ᠤᠨ ᠡᠬᠢᠨ ᠠᠴᠠ ᠨᠠᠭᠠᠰᠢ᠂ ᠨᠢᠭᠡᠨᠲᠡ ᠥᠪᠥᠷ ᠮᠣᠩᠭᠤᠯ ᠤᠨ ᠲᠢᠶᠠᠨ ᠴᠧᠩ ᠬᠤᠪᠤᠷ ᠮᠠᠲ᠋ᠧᠷᠢᠶᠠᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠦᠩ ᠺᠧ ᠴᠠᠬᠢᠯᠭᠠᠨ ᠬᠥᠳᠡᠯᠭᠡᠭᠦᠷ︵ᠥᠪᠥᠷ ᠮᠣᠩᠭᠤᠯ︶ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠧᠩ ᠹᠸᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠢ ᠬᠠᠮᠵᠢᠨ ᠡᠵᠡᠩᠨᠡᠯᠲᠡ ᠶᠢᠨ ᠦᠨᠡᠮᠯᠡᠯ᠂ ᠪᠠᠩᠬᠢ ᠶᠢᠨ ᠳᠠᠩᠰᠠ ᠨᠡᠭᠡᠭᠡᠬᠦ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠵᠡᠷᠭᠡ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠵᠦ᠂ ᠰᠢᠨ᠎ᠡ ᠲᠦᠷᠦᠯ ᠵᠦᠢᠯ ᠢ ᠲᠣᠭᠲᠠᠭᠠᠬᠤ ᠡᠮᠦᠨᠡᠬᠢ ᠬᠤᠭᠤᠴᠠᠭᠠᠨ ᠤ ᠪᠡᠯᠡᠳᠬᠡᠯ ᠢ ᠭᠦᠢᠴᠡᠳ ᠬᠢᠪᠡ᠃    ᠪᠥᠬᠦ ᠶᠠᠪᠤᠴᠠ ᠶᠢ ᠮᠥᠷᠳᠡᠨ ᠵᠢᠯᠣᠭᠤᠳᠴᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠪᠥᠬᠦ ᠶᠠᠪᠤᠴᠠ ᠶᠢᠨ ᠦᠢᠯᠡᠴᠢᠯᠡᠭᠡ ᠶᠢ ᠬᠡᠷᠡᠭᠵᠢᠭᠦᠯᠵᠦ᠂ ︽ᠨᠢᠭᠡᠳ ᠨᠢᠭᠡ ᠪᠠᠷ ᠳᠠᠭᠠᠭᠠᠨ ᠠᠪᠬᠤ︾ ᠲᠥᠷᠥᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠬᠡᠷᠡᠭᠵᠢᠭᠦᠯᠦᠨ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠪᠠ ᠃ ᠵᠢᠱᠢᠶᠡᠯᠡᠪᠡᠯ᠂ ᠤᠯᠤᠰ ᠤᠨ ᠡᠭᠦᠳᠦᠯᠲᠡ ᠶᠢᠨ ᠼᠧᠷᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠦᠶ᠎ᠡ ᠳᠤ᠂ 2 ᠡᠳᠦᠷ ᠤᠨ ᠳᠣᠲᠣᠷ᠎ᠠ ᠤᠰᠤᠨ ᠴᠠᠬᠢᠯᠭᠠᠨ ᠢ ᠮᠡᠳᠡᠭᠦᠯᠦᠨ ᠤᠭᠰᠠᠷᠠᠬᠤ ᠶᠢ ᠪᠡᠶᠡᠯᠡᠭᠦᠯᠪᠡ︔ ᠲᠢᠶᠠᠨ ᠴᠧᠩ ᠬᠤᠪᠣᠷ ᠰᠢᠷᠣᠢ ᠶᠢᠨ ᠬᠠᠮᠠᠭᠠᠯᠠᠯᠲᠠ ᠶᠢᠨ ᠮᠠᠲ᠋ᠧᠷᠢᠶᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠦᠶ᠎ᠡ ᠳᠤ᠂ ᠵᠥᠪᠬᠡᠨ ᠬᠠᠭᠠᠰ ᠡᠳᠦᠷ ᠤᠨ ᠬᠤᠭᠤᠴᠠᠭᠠᠨ ᠳᠤ ᠠᠵᠤ ᠠᠬᠤᠶᠢᠯᠠᠯ ᠢ ᠬᠠᠪᠰᠤᠷᠤᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ᠂ ᠪᠠᠩᠬᠢ ᠶᠢᠨ ᠳᠠᠩᠰᠠ ᠨᠡᠭᠡᠭᠡᠬᠦ᠂ ᠭᠠᠵᠠᠷ ᠬᠡᠷᠡᠭᠯᠡᠬᠦ ᠵᠠᠭᠠᠭ ᠬᠢᠵᠠᠭᠠᠷ ᠢ ᠨᠤᠲᠠᠯᠠᠬᠤ᠂ ᠲᠦᠷᠦᠯ ᠵᠦᠢᠯ ᠲᠣᠭᠲᠠᠭᠠᠬᠤ ᠵᠡᠷᠭᠡ ᠵᠦᠢᠯᠡᠰ ᠢ ᠪᠡᠶᠡᠯᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠢᠯ ᠤᠨ ᠶᠡᠭᠡ ᠬᠡᠮᠵᠢᠶ᠎ᠡ ᠪᠠᠷ ᠠᠬᠢᠭᠤᠯᠪᠠ᠃    ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠢᠯᠡᠳᠲᠡ ᠦᠷ᠎ᠡ ᠪᠦᠲᠦᠮᠵᠢ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠠᠬᠢᠨ ᠰᠢᠯᠢᠳᠡᠭᠵᠢᠭᠦᠯᠪᠡ᠃ ᠪᠥᠬᠦ ᠲᠣᠭᠤᠷᠢᠭ ᠤᠨ ᠭᠤᠤᠯᠳᠠᠯᠭ᠎ᠠ ᠪᠣᠯᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠠᠵᠤ ᠦᠢᠯᠡᠳᠪᠦᠷᠢ ᠶᠢᠨ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠴᠢᠭᠯᠡᠭᠦᠯᠦᠨ᠂ ᠲᠣᠭᠤᠷᠢᠭ ᠤᠨ ᠤᠳᠤᠷᠢᠳᠤᠯᠭ᠎ᠠ᠂ ᠲᠣᠭᠤᠷᠢᠭ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ  ᠤᠬᠠᠭᠠᠨ  ᠲᠧᠭᠨᠢᠭ  ᠮᠡᠷᠭᠡᠵᠢᠯ ᠠᠵᠤ ᠦᠢᠯᠡᠳᠪᠦᠷᠢ ᠶᠢᠨ ᠲᠣᠪᠴᠢᠶ᠎ᠠ  ᠶᠢᠨ ᠪᠠᠭ ᠤᠨ ᠭᠡᠰᠢᠭᠦᠨ ᠂ ᠪᠣᠳᠠᠲᠠᠶ ᠠᠵᠢᠯᠲᠠᠨ ᠭᠤᠷᠪᠠᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠵᠠᠭᠪᠤᠷ ᠢ ᠪᠣᠶ ᠪᠣᠯᠭᠠᠵᠤ᠂ ᠲᠣᠭᠤᠷᠢᠭ ᠤᠨ  ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ  ᠤᠬᠠᠭᠠᠨ  ᠲᠧᠭᠨᠢᠭ ᠮᠡᠷᠭᠡᠵᠢᠯ ᠠᠵᠤ ᠦᠢᠯᠡᠳᠪᠦᠷᠢ ᠶᠢᠨ  ᠲᠣᠪᠴᠢᠶ᠎ᠠ ᠦᠢᠯᠡᠳᠪᠦᠷᠢᠯᠡᠯ ᠤᠨ ᠪᠠᠶᠢᠳᠠᠯ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠨᠠᠷᠢᠨ ᠪᠠᠶᠢᠳᠠᠯ ᠢ ᠡᠮᠬᠢᠯᠡᠨ ᠳᠢᠭᠯᠡᠵᠦ᠂ ᠠᠵᠢᠯ ᠤᠨ ᠡᠬᠡ ᠲᠠᠩᠰᠠ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠳᠤ ᠣᠷᠣᠵᠤ ᠪᠠᠶᠢᠴᠠᠭᠠᠨ ᠦᠵᠡᠵᠦ᠂ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ ᠬᠦᠴᠢᠷᠳᠡᠯ ᠪᠠ ᠠᠰᠠᠭᠤᠳᠠᠯ ᠢ ᠣᠨᠣᠪᠴᠢᠲᠠᠶ ᠡᠵᠡᠮᠰᠢᠵᠦ᠂ ᠡᠬᠡ ᠲᠠᠩᠰᠠ ᠪᠠᠨ ᠬᠥᠳᠡᠯᠦᠩᠭᠦᠶ ᠪᠠᠷ ᠰᠢᠨᠡᠳᠬᠡᠵᠦ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ︽ᠴᠡᠭ ᠠᠴᠠ ᠴᠡᠭ ᠲᠤ ᠬᠦᠷᠬᠦ︾ ᠠᠵᠤ ᠠᠬᠤᠶᠢᠯᠠᠯ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠪᠡ ᠃     ᠵᠠᠯᠭᠠᠭᠠᠳ᠂ ᠲᠣᠭᠤᠷᠢᠭ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ  ᠤᠬᠠᠭᠠᠨ  ᠲᠧᠭᠨᠢᠭ  ᠮᠡᠷᠭᠡᠵᠢᠯ ᠠᠵᠤ ᠦᠢᠯᠡᠳᠪᠦᠷᠢ ᠶᠢᠨ ᠲᠣᠪᠴᠢᠶ᠎ᠠ  ᠦᠷᠭᠦᠯᠵᠢᠯᠡᠨ ᠬᠦᠯᠢᠶᠡᠵᠦ ᠳᠡᠶᠢᠯᠬᠦ ᠥᠬᠡᠶ᠂ ᠤᠳᠠᠭᠠᠰᠢᠷᠠᠭᠤᠯᠵᠤ ᠪᠣᠯᠤᠰᠢ ᠥᠬᠡᠶ ᠲᠤᠯᠭᠠᠮ᠎ᠠ ᠰᠡᠳᠬᠢᠯᠭᠡ ᠪᠠᠷ ᠵᠢᠱᠢᠯᠲᠡ ᠶᠢᠨ  ᠤᠳᠤᠷᠢᠳᠤᠮᠵᠢ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠩ ᠰᠢᠯᠢᠳᠡᠭ ᠶᠠᠪᠤᠴᠠ᠂ ᠨᠠᠩ ᠥᠨᠳᠥᠷ ᠦᠷ᠎ᠡ ᠪᠦᠲᠦᠮᠵᠢᠲᠡᠢ᠂ ᠨᠠᠩ ᠳᠤᠯᠠᠭᠠᠨ ᠦᠢᠯᠡᠴᠢᠯᠡᠭᠡ ᠪᠠᠷ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠲᠣᠭᠤᠷᠢᠭ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠵᠤ ᠦᠢᠯᠡᠳᠪᠦᠷᠢ ᠶᠢᠨ ᠲᠣᠪᠴᠢᠶ᠎ᠠ