ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 26 ᠤ ᠡᠳᠦᠷ᠂ ᠪᠠᠶ᠋ᠬᠠᠤᠪᠤᠭ᠎ᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠠᠢ | ᠬᠤᠯᠪᠤᠭᠠᠯᠠᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠪᠠ ᠠᠵᠢᠯᠲᠠᠨ ᠠᠵᠢᠯᠴᠢᠨ ᠳᠤ ᠬᠠᠨᠳᠤᠭᠤᠯᠤᠨ | ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠰᠢᠷᠢᠰ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠡᠰᠢᠲᠦ ᠬᠡᠯᠪᠡᠷᠢ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠬᠢᠭᠡᠳ ᠬᠠᠤᠯᠢ ᠪᠠᠷ ᠵᠠᠰᠠᠬᠤ | ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠳᠥᠯᠭᠢᠨ ᠠᠬᠢᠭᠤᠯᠪᠠ᠃ | | | | | | ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠨᠢᠭᠡᠴᠢ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠬᠤ᠂ | ᠲᠤᠬᠠᠶ ᠶᠢᠨ ᠲᠠᠯᠠᠪᠤᠷ ᠲᠤ ᠶᠠᠪᠤᠵᠤ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | ᠪᠠᠶ᠋ᠬᠠᠤᠪᠤᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠲᠠᠳ ᠬᠤᠸᠠᠨ ᠢᠤᠢ᠂ ᠺᠧ ᠺᠧ ᠵᠡᠷᠭᠡ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ | ᠭᠦᠨᠵᠡᠭᠡᠶᠢᠷᠡᠵᠦ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠠᠵᠤ ᠠᠬᠤᠶᠢᠯᠠᠯ ᠤᠨ | ᠡᠵᠡᠩᠨᠡᠯᠲᠡ ᠬᠠᠮᠢᠶᠠᠷᠤᠯᠲᠠ ᠶᠢᠨ ᠠᠵᠢᠯᠳᠠᠨ ᠪᠣᠯᠤᠨ ᠠᠵᠢᠯᠲᠠᠳ ᠲᠤ ᠨᠠᠷᠢᠨ ᠲᠠᠶᠢᠯᠤᠮᠵᠢ ᠬᠢᠵᠦ᠂ ᠳᠠᠯᠳᠠ ᠣᠶᠢᠯᠠᠭᠠᠮᠵᠢ ᠦᠭᠡᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ | ᠳᠦᠭᠦᠮ ᠣᠶᠢᠯᠠᠭᠠᠮᠵᠢᠳᠠᠢ ᠪᠤᠯᠭᠠᠪᠠ᠃ | | | | | | ᠤᠬᠠᠭᠤᠯᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠶᠢᠨ ᠲᠥᠯᠥᠭᠡ᠂ ᠪᠠᠶ᠋ᠬᠠᠣᠪᠤᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠷᠢᠶ᠎ᠠ ᠯᠣᠽᠦ᠋ᠩ ᠢ ᠳᠠᠷᠤᠮᠠᠯᠯᠠᠭᠰᠠᠨ ᠴᠠᠭᠠᠰᠤᠨ ᠠᠯᠴᠢᠭᠤᠷ ᠤᠨ ᠬᠠᠶᠢᠷᠴᠠᠭ᠂ ᠴᠠᠭᠠᠰᠤᠨ ᠴᠣᠮᠣ᠂ ᠦᠬᠡᠷ ᠤᠨ ᠠᠷᠠᠰᠤᠨ ᠴᠠᠭᠠᠰᠤᠨ ᠤᠭᠤᠲᠠ ᠵᠡᠷᠭᠡ ᠶᠢ | ᠪᠠᠭᠲᠠᠭᠠᠭᠰᠠᠨ ᠡᠯ᠎ᠡ ᠵᠦᠢᠯ ᠤᠨ ᠬᠡᠷᠡᠭᠯᠡᠭᠡᠨ ᠤ ᠤᠬᠠᠭᠤᠯᠭ᠎ᠠ ᠶᠢᠨ ᠳᠤᠷᠠᠰᠬᠠᠯ ᠤᠨ ᠡᠳ᠋ ᠢ ᠨᠠᠷᠢᠨ ᠨᠢᠮᠪᠠᠢ ᠪᠡᠯᠡᠳᠬᠡᠪᠡ᠃ ᠳᠤᠷᠠᠰᠬᠠᠯ ᠤᠨ ᠡᠳ᠋ ᠲᠠᠷᠬᠠᠭᠠᠬᠤ ᠶᠢᠨ ᠬᠠᠮᠲᠤ᠂ | ᠠᠵᠢᠯᠲᠠᠳ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠣᠯᠠᠨ ᠤ ᠮᠠᠳᠠᠭ ᠲᠠᠢ ᠠᠰᠠᠭᠤᠯᠲᠠ ᠳᠤ ᠬᠦᠯᠢᠴᠡᠩᠭᠦᠶ ᠪᠠᠷ | ᠬᠠᠷᠢᠭᠤᠯᠲᠠ ᠥᠭᠴᠦ᠂ ᠠᠵᠤ ᠠᠬᠤᠶᠢᠯᠠᠯ ᠤᠨ ᠬᠥᠮᠦᠰ ᠤᠨ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠵᠤ᠂ ᠦᠨᠳᠦᠰᠦᠲᠡᠨ ᠨᠦᠭᠦᠳ ᠤᠨ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠶᠢ ᠬᠦᠲᠦᠯᠦᠨ ᠵᠢᠯᠤᠭᠤᠳᠪᠠ ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ ᠳᠤᠷᠠᠰᠬᠠᠯ ᠤᠨ ᠡᠳ᠋ ᠲᠠᠷᠬᠠᠭᠠᠵᠤ᠂ ᠣᠯᠠᠨ ᠠᠵᠤ ᠠᠬᠤᠶᠢᠯᠠᠯ ᠢ ᠬᠠᠮᠤᠷᠪᠠ ᠂ | ᠣᠷᠣᠯᠴᠠᠭᠰᠠᠨ ᠠᠵᠢᠯᠲᠠᠨ ᠠᠵᠢᠯᠴᠢᠨ 150 ᠭᠠᠷᠤᠶ ᠬᠥᠮᠦᠨ ᠤᠳᠠᠭ᠎ᠠ ᠳᠤ ᠬᠦᠷᠴᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠲᠠᠨ ᠤ ᠦᠨᠳᠦᠰᠦᠲᠡᠨ ᠤ | ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠲᠤᠬᠠᠶ ᠣᠶᠢᠯᠠᠭᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠤ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠵᠦ᠂ ᠡᠶ᠎ᠡ ᠵᠣᠬᠢᠴᠠᠯ ᠲᠠᠢ | ᠲᠣᠭᠲᠠᠭᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ | ᠪᠠᠶ᠋ᠬᠠᠤᠪᠤᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ | ᠦᠷᠭᠦᠯᠵᠢᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠦᠷᠢᠶᠡᠯᠡᠩ ᠲᠣᠭᠤᠷᠢᠭ ᠲᠤ ᠭᠤᠶᠢᠳᠠ ᠰᠠᠶᠢᠬᠠᠨ ᠳᠡᠯᠭᠡᠷᠡᠭᠦᠯᠦᠨ᠎ᠡ ᠃ | |