ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠢᠭᠡᠳ ︽6 · 1︾ ᠤ ᠬᠡᠤᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠤᠯᠠᠮᠵᠢᠯᠠᠯᠲᠤ ᠰᠣᠶᠣᠯ ᠢ | ᠪᠠᠳᠠᠷᠠᠭᠤᠯᠬᠤ᠂ ᠨᠡᠶᠢᠭᠡᠮ ᠤᠨ ᠬᠠᠶᠢᠷ᠎ᠠ ᠬᠠᠯᠠᠮᠵᠢ ᠶᠢ ᠳᠠᠮᠵᠢᠭᠤᠯᠬᠤ ᠶᠢᠨ ᠲᠥᠯᠥᠭᠡ᠂ ᠲᠦᠩ ᠶᠠᠩ ᠳ᠋ᠤᠤ ᠵᠡᠭᠡᠯᠢ ᠭᠤᠳᠤᠮᠵᠢ ᠶᠢᠨ ᠰᠢᠶᠠᠩ ᠶᠦᠨ ᠨᠡᠶᠢᠭᠡᠮ ᠲᠣᠭᠤᠷᠢᠭ ᠰᠢᠷᠢᠰ | ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠨᠴᠠᠭᠠᠶ ᠵᠢᠴᠢ ᠬᠦᠴᠢᠷᠳᠡᠯ ᠳᠤ ᠲᠤᠯᠭᠠᠷᠠᠭᠰᠠᠨ ᠬᠡᠤᠬᠡᠳ ᠵᠡᠷᠭᠡ ᠬᠦᠮᠦᠰ ᠲᠤ ᠠᠩᠬᠠᠷᠤᠯ ᠢᠶᠠᠨ | ᠲᠦᠪᠯᠡᠷᠡᠭᠦᠯᠵᠦ᠂ ᠨᠡᠶᠢᠲᠡ 33 ᠡᠷᠦᠬᠡ ᠬᠡᠷ ᠪᠦᠯᠢ ᠶᠢ ᠰᠤᠷᠪᠤᠯᠵᠢᠯᠠᠵᠤ᠂ 41 ᠬᠥᠮᠦᠨ ᠳᠤ ᠠᠰᠢᠭ ᠬᠦᠷᠲᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ | ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃ | | | | | | ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠯᠢᠭ ᠣᠨᠤᠪᠴᠢᠲᠠᠢ ᠬᠠᠪᠰᠤᠷᠤᠨ ᠲᠡᠳᠭᠦᠪᠡ ᠃ ᠠᠵᠢᠯᠯᠠᠭ᠎ᠠ ᠠᠴᠠ ᠡᠮᠦᠨ᠎ᠡ᠂ ᠲᠣᠣᠷᠵᠢᠯ ᠤᠨ ᠠᠵᠢᠯᠲᠠᠨ ᠪᠠᠶᠢᠴᠠᠭᠠᠨ | ᠵᠢᠭᠰᠠᠭᠠᠬᠤ᠂ ᠠᠷᠠᠳ ᠤᠨ ᠶᠠᠪᠤᠳᠠᠯ ᠤᠨ ᠲᠤᠭ᠎ᠠ ᠪᠠᠷᠢᠮᠲᠠ ᠬᠤᠯᠪᠣᠭᠠᠯᠠᠨ ᠬᠥᠳᠡᠯᠦᠯᠴᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠨᠴᠠᠭᠠᠶ ᠵᠢᠴᠢ ᠬᠦᠴᠢᠷᠳᠡᠯ ᠳᠤ | ᠲᠤᠯᠭᠠᠷᠠᠭᠰᠠᠨ ᠬᠡᠤᠬᠡᠳ ᠵᠡᠷᠭᠡ ᠬᠥᠮᠦᠰ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠥᠬᠦ ᠲᠠᠯ᠎ᠠ ᠪᠠᠷ ᠡᠵᠡᠮᠰᠢᠵᠦ᠂ ᠣᠨᠴᠠᠭᠠᠶ ᠬᠠᠮᠲᠤᠯᠢᠭ ᠲᠤ ᠽᠦᠩᠽᠢ ᠵᠡᠷᠭᠡ | ᠲᠣᠬᠤᠨᠢᠭᠤᠯᠬᠤ ᠪᠣᠳᠠᠰ ᠳᠣᠭᠢᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠰᠤᠷᠤᠯᠴᠠᠯᠭ᠎ᠠ ᠶᠢᠨ ᠲᠣᠮᠣ ᠪᠡᠯᠡᠭ ᠲᠣᠭᠲᠠᠭᠠᠨ ᠥᠭᠴᠦ᠂ ᠲᠣᠬᠤᠨᠢᠭᠤᠯᠬᠤ ᠠᠵᠢᠯ ᠤᠨ | ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠪᠠ᠃ | ᠬᠤᠶᠠᠷ ᠱᠤᠭᠤᠮ ᠢᠶᠠᠷ ᠬᠦᠳᠡᠯᠦᠯᠴᠡᠵᠦ ᠂ ᠬᠠᠶᠢᠷ᠎ᠠ ᠰᠡᠳᠬᠢᠯᠭᠡ ᠶᠢ ᠳᠠᠮᠵᠢᠭᠤᠯᠪᠠ ᠃ ᠨᠢᠭᠡ ᠲᠠᠯ᠎ᠠ ᠪᠠᠷ᠂ ᠲᠣᠣᠷᠵᠢᠯ ᠤᠨ ᠠᠵᠢᠯᠲᠠᠨ ᠳᠤᠭᠤᠶᠢᠯᠠᠩ ᠬᠤᠪᠢᠶᠠᠨ ᠣᠨᠴᠠᠭᠠᠶ ᠬᠡᠷ | ᠪᠦᠯᠢ ᠶᠢ ᠡᠷᠬᠢᠨ ᠦᠵᠡᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠽᠦᠩᠽᠢ ᠬᠦᠷᠭᠡᠵᠦ᠂ ᠪᠠᠶᠠᠷ ᠤᠨ ᠡᠳᠦᠷ ᠤᠨ ᠵᠠᠩ ᠳᠠᠳᠬᠠᠯ ᠢ ᠲᠠᠶᠢᠯᠪᠤᠷᠢᠯᠠᠪᠠ︔ ᠨᠥᠭᠦᠭᠡ | ᠲᠠᠯ᠎ᠠ ᠪᠠᠷ᠂ ᠲᠣᠬᠤᠨᠢᠭᠤᠯᠬᠤ ᠪᠦᠯᠬᠦᠮ ᠬᠠᠷᠢᠶ᠎ᠠ ᠲᠣᠭᠤᠷᠢᠭ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠶᠢᠭ᠎ᠠ ᠰᠤᠷᠭᠠᠭᠤᠯᠢ ᠳᠤ ᠬᠦᠷᠴᠦ ᠲᠣᠬᠤᠨᠢᠭᠤᠯᠪᠠ᠃ | ᠠᠵᠢᠯᠲᠠᠳ ᠬᠡᠦᠬᠡᠳ ᠤᠨ ᠣᠶᠢᠷ᠎ᠠ ᠶᠢᠨ ᠬᠤᠭᠤᠴᠠᠭᠠᠨ ᠤ ᠰᠤᠷᠤᠯᠭ᠎ᠠ᠂ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠬᠡᠦᠬᠡᠳ ᠤᠳ ᠲᠤ ᠨᠠᠷᠢᠨ ᠨᠢᠮᠪᠠᠶ | ᠪᠡᠯᠡᠳᠬᠡᠭᠰᠡᠨ ᠬᠡᠦᠬᠡᠳ ᠤᠨ ᠪᠠᠶᠠᠷ ᠤᠨ ᠪᠡᠯᠡᠭ ᠬᠦᠷᠭᠡᠵᠦ᠂ ᠲᠡᠳᠡᠨ ᠤ ᠰᠢᠷᠭᠠᠭᠤ ᠰᠤᠷᠤᠯᠴᠠᠵᠤ᠂ ᠬᠦᠰᠡᠯ ᠵᠡᠭᠦᠳᠦ ᠪᠠᠨ ᠵᠣᠷᠢᠭᠲᠠᠢ ᠬᠥᠭᠡᠭᠡᠴᠡᠯᠳᠦᠬᠦ ᠶᠢ ᠵᠣᠷᠢᠭᠵᠢᠭᠤᠯᠪᠠ᠃ | ᠤᠬᠠᠭᠤᠯᠭ᠎ᠠ ᠴᠢᠳᠠᠪᠤᠷᠢ ᠣᠯᠭᠤᠵᠤ᠂ ᠬᠠᠮᠲᠤ ᠪᠠᠷ ᠬᠠᠶᠢᠷ᠎ᠠ ᠬᠠᠯᠠᠮᠵᠢ ᠶᠢ ᠴᠣᠭᠴᠠᠯᠠᠪᠠ᠃ ᠨᠡᠶᠢᠭᠡᠮ ᠲᠣᠭᠤᠷᠢᠭ ᠤᠨ ᠬᠢᠨ ᠡᠯ᠎ᠡ ᠰᠠᠭᠤᠭᠠᠯᠢ ᠲᠣᠭᠤᠷᠢᠭ ᠤᠨ ᠣᠷᠣᠵᠤ | ᠭᠠᠷᠬᠤ ᠡᠭᠦᠳᠡ᠂ ᠤᠬᠠᠭᠤᠯᠭ᠎ᠠ ᠶᠢᠨ ᠪᠤᠯᠤᠩ ᠳᠤ ᠬᠤᠣᠰ ᠪᠠᠶᠠᠷ ᠤᠨ ᠲᠣᠬᠤᠨᠢᠭᠤᠯᠬᠤ ᠠᠵᠢᠯᠯᠠᠭ᠎ᠠ ᠶᠢᠨ ᠵᠠᠷᠯᠠᠯ ᠨᠠᠭᠠᠵᠤ᠂ ᠡᠯᠧᠺᠲᠷᠤᠨ ᠳᠡᠯᠭᠡᠴᠡ ᠶᠢ ᠠᠰᠢᠭᠯᠠᠨ | ᠠᠵᠢᠯᠯᠠᠭ᠎ᠠ ᠶᠢᠨ ᠬᠠᠶᠢᠴᠢᠯᠠᠯ ᠨᠡᠪᠲᠡᠷᠡᠭᠦᠯᠵᠦ ᠂ ︽ᠣᠨᠴᠠᠭᠠᠢ ᠬᠠᠮᠲᠤᠯᠢᠭ ᠢ ᠬᠠᠶᠢᠷᠠᠯᠠᠨ ᠬᠠᠯᠠᠮᠵᠢᠯᠠᠵᠤ᠂ ᠬᠡᠦᠬᠡᠳ ᠤᠨ ᠦᠰᠦᠨ ᠪᠤᠶᠢᠵᠢᠯᠲᠠ ᠶᠢ ᠰᠠᠬᠢᠨ ᠬᠠᠮᠠᠭᠠᠯᠠᠬᠤ︾ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠴᠥᠭᠡᠨ ᠪᠤᠰᠤ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠬᠠᠪᠰᠤᠷᠤᠨ ᠲᠡᠳᠬᠦᠬᠦ ᠡᠩᠨᠡᠭᠡ ᠳᠤ ᠣᠷᠣᠯᠴᠠᠵᠤ᠂ | ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠨᠣᠮ ᠪᠢᠴᠢᠭ ᠬᠠᠨᠳᠢᠪᠯᠠᠵᠤ᠂ ︽ᠨᠢᠭᠡ ᠬᠥᠮᠦᠨ ᠲᠤᠰᠠᠯᠠᠮᠵᠢ ᠬᠦᠷᠲᠡᠵᠦ᠂ ᠣᠯᠠᠨ ᠬᠥᠮᠦᠨ ᠬᠦᠴᠦ ᠳᠠᠮᠵᠢᠭᠤᠯᠬᠤ ︾ ᠬᠠᠯᠠᠭᠤᠨ | ᠳᠤᠯᠠᠭᠠᠨ ᠪᠠᠶᠢᠳᠠᠯ ᠢ ᠪᠣᠶ ᠪᠣᠯᠭᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠬᠠᠶᠢᠷ᠎ᠠ ᠰᠡᠳᠬᠢᠯᠭᠡ ᠬᠢᠭᠡᠳ ᠨᠡᠶᠢᠭᠡᠮ ᠤᠨ ᠬᠠᠶᠢᠷ᠎ᠠ ᠬᠠᠯᠠᠮᠵᠢ ᠶᠢᠨ ᠰᠡᠳᠬᠢᠯᠭᠡ ᠶᠢ | ᠬᠠᠷᠢᠶ᠎ᠠ ᠲᠣᠭᠤᠷᠢᠭ ᠲᠤ ᠦᠷᠭᠦᠯᠵᠢᠯᠡᠨ ᠳᠡᠯᠭᠡᠷᠡᠭᠦᠯᠪᠡ᠃ | |