ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠣᠨᠣᠪᠴᠢ ᠶᠢᠨ ᠬᠡᠮᠵᠢᠶ᠎ᠡ ᠪᠠ ᠪᠣᠳᠠᠲᠤ ᠦᠷ᠎ᠡ | ᠪᠦᠳᠦᠮᠵᠢᠳᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠦᠩ ᠶᠠᠩ ᠳ᠋ᠤᠤ ᠵᠡᠭᠡᠯᠢ ᠭᠤᠳᠤᠮᠵᠢ ᠶᠢᠨ ᠰᠢᠩ ᠭᠤᠸᠠᠩ ᠨᠡᠶᠢᠭᠡᠮ ᠲᠣᠭᠤᠷᠢᠭ 5 ᠳ᠋ᠤᠭᠠᠷ | ᠰᠠᠷ᠎ᠠ ᠶᠢᠨ 27 ᠤ ᠡᠳᠦᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ︽ᠭᠤᠷᠪᠠ ᠶᠢ | ᠵᠣᠯᠭᠠᠭᠤᠯᠬᠤ︾ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠳ ᠲᠤ | 2025 ᠣᠨ ᠤ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢᠶᠠᠨ ᠨᠠᠷᠢᠨ ᠨᠢᠮᠪᠠᠶ ᠬᠠᠷᠢᠭᠤ ᠮᠡᠳᠡᠭᠦᠯᠵᠦ᠂ ᠠᠵᠢᠯ ᠤᠨ ᠠᠬᠢᠴᠠ᠂ ᠨᠢᠭᠡᠨᠲᠡ ᠪᠡᠶᠡᠯᠡᠭᠦᠯᠦᠭᠰᠡᠨ ᠵᠦᠢᠯᠡᠰ ᠵᠢᠴᠢ | ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠᠨ ᠵᠤᠷᠪᠤᠰ ᠳᠠᠷᠠᠭᠠᠯᠠᠨ ᠲᠣᠳᠣᠷᠬᠠᠶᠢᠯᠠᠪᠠ᠃ | | | | | | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠳᠤᠮᠳᠠ᠂ ᠰᠢᠩ ᠭᠤᠸᠠᠩ ᠨᠡᠶᠢᠭᠡᠮ | ᠲᠣᠭᠤᠷᠢᠭ ᠤᠨ ᠬᠢᠨ ︽ᠭᠤᠷᠪᠠ ᠶᠢ ᠵᠣᠯᠭᠠᠭᠤᠯᠬᠤ ︾ ᠲᠦᠷᠢᠮ ᠢ ᠴᠢᠩᠭ᠎ᠠ ᠵᠢᠷᠤᠮᠯᠠᠬᠤ ᠶᠢᠨ ᠬᠠᠮᠲᠤ ᠡᠨᠡ ᠬᠦ ᠲᠦᠷᠢᠮ ᠢ ᠰᠠᠨᠠᠭᠤᠯᠭ᠎ᠠ ᠶᠢ ᠰᠢᠢᠳᠪᠦᠷᠢᠯᠡᠬᠦ ᠪᠦᠬᠦ ᠶᠠᠪᠤᠴᠠ ᠳᠤ | ᠲᠤᠭᠤᠰᠢᠯᠠᠭᠤᠯᠪᠠ ᠃ ᠭᠦᠢᠴᠡᠳᠬᠡᠬᠦ ᠠᠴᠠ ᠡᠮᠦᠨ᠎ᠡ᠂ ᠨᠡᠶᠢᠭᠡᠮ ᠲᠣᠭᠤᠷᠢᠭ ᠤᠨ ᠠᠵᠢᠯᠲᠠᠳ ᠤᠲᠠᠰᠤ ᠪᠠᠷ ᠭᠦᠨᠵᠡᠭᠡᠶ ᠨᠡᠪᠲᠡᠷᠡᠯᠴᠡᠵᠦ᠂ ᠰᠠᠨᠠᠭᠤᠯᠭ᠎ᠠ ᠳᠤᠷᠠᠳᠤᠭᠰᠠᠨ ᠤᠴᠢᠷ | ᠰᠢᠯᠲᠠᠭᠠᠨ ᠵᠢᠴᠢ ᠡᠯ᠎ᠡ ᠲᠥᠯᠥᠭᠡᠯᠡᠭᠴᠢ ᠶᠢᠨ ᠦᠨᠡᠨ ᠪᠣᠳᠠᠲᠠᠶ ᠰᠠᠨᠠᠭ᠎ᠠ ᠪᠠ ᠬᠦᠰᠡᠯ ᠡᠷᠡᠮᠡᠯᠵᠡᠯ ᠢ ᠪᠥᠬᠦ ᠲᠠᠯ᠎ᠠ ᠪᠠᠷ ᠨᠠᠷᠢᠨ ᠨᠢᠮᠪᠠᠶ ᠣᠶᠢᠯᠠᠭᠠᠪᠠ︔ ᠰᠢᠢᠳᠪᠦᠷᠢᠯᠡᠬᠦ ᠱᠠᠲᠤᠨ ᠳᠤ | ᠨᠡᠶᠢᠭᠡᠮ ᠲᠣᠭᠤᠷᠢᠭ ᠤᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠰᠠᠨᠠᠭᠤᠯᠭ᠎ᠠ ᠶᠢ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ ᠨᠠᠷᠢᠨ ᠲᠣᠳᠣᠷᠬᠠᠶ ᠬᠠᠷᠢᠭᠤ ᠮᠡᠳᠡᠭᠦᠯᠬᠦ ᠶᠢᠨ ᠬᠠᠮᠲᠤ ᠲᠥᠯᠥᠭᠡᠯᠡᠭᠴᠢ ᠶᠢ ᠦᠨᠡᠨ | ᠰᠡᠳᠬᠢᠯ ᠠᠴᠠ ᠪᠠᠨ ᠤᠷᠢᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠲᠤᠬᠠᠶ ᠶᠢᠨ ᠭᠠᠵᠠᠷ ᠲᠤᠨᠢ ᠦᠨᠡᠯᠡᠯᠲᠡ ᠬᠢᠯᠭᠡᠵᠦ᠂ ᠬᠠᠷᠢᠭᠤ ᠲᠤᠰᠬᠠᠭᠰᠠᠨ ᠰᠠᠨᠠᠯ ᠢ ᠲᠡᠷᠡ ᠳᠠᠷᠤᠶ ᠳᠤᠨᠢ | ᠰᠣᠨᠣᠰᠴᠤ᠂ ᠠᠰᠠᠭᠤᠳᠠᠯ ᠢ ᠵᠠᠳᠠᠯᠤᠨ ᠰᠤᠳᠤᠯᠬᠤ ᠪᠠᠨ ᠴᠢᠩᠭᠠᠳᠬᠠᠨ᠂ ᠨᠠᠩ ᠲᠣᠬᠢᠷᠠᠮᠵᠢᠲᠠᠶ ᠰᠢᠢᠳᠪᠦᠷᠢᠯᠡᠬᠦ ᠲᠥᠰᠦᠯ ᠢ ᠬᠠᠮᠲᠤ ᠪᠠᠷ ᠬᠠᠶᠢᠨ ᠰᠦᠪᠡᠭᠴᠢᠯᠡᠪᠡ︔ | ᠰᠢᠢᠳᠪᠦᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠬᠢᠨ ᠴᠠᠭ ᠲᠤᠬᠠᠶ ᠳᠤᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠲᠤ ᠬᠠᠷᠢᠭᠤ ᠲᠤᠰᠬᠠᠬᠤ ᠶᠢᠨ ᠬᠠᠮᠲᠤ ᠪᠦᠬᠦ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠪᠦᠬᠦ ᠲᠠᠯ᠎ᠠ ᠶᠢᠨ ᠪᠥᠭᠡᠳ ᠨᠠᠷᠢᠨ ᠨᠢᠮᠪᠠᠶ ᠬᠠᠷᠢᠭᠤᠯᠲᠠ | ᠥᠭᠴᠦ᠂ ᠭᠤᠭᠴᠤᠭ᠎ᠠ ᠨᠢᠭᠡᠪᠦᠷᠢ ᠳᠤ ᠪᠦᠲᠦᠮᠵᠢᠲᠡᠶ ᠬᠠᠷᠢᠭᠤᠯᠲᠠ ᠥᠭᠬᠦ ᠶᠢ ᠦᠨᠡᠨ ᠬᠦ ᠪᠠᠲᠤᠯᠠᠵᠤ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ᠂ ᠶᠠᠪᠤᠳᠠᠯ | ᠪᠦᠬᠦᠨ ᠳᠤ ᠬᠠᠷᠢᠭᠤ ᠥᠭᠬᠦ ᠶᠢ ᠦᠨᠡᠨ ᠬᠦ ᠪᠡᠶᠡᠯᠡᠭᠦᠯᠪᠡ᠃ | ︽ᠭᠤᠷᠪᠠ ᠶᠢ ᠵᠣᠯᠭᠠᠭᠤᠯᠬᠤ︾ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ | ᠠᠷᠠᠳ ᠤᠨ ᠵᠣᠪᠠᠨᠢᠯ ᠢ ᠰᠢᠢᠳᠪᠦᠷᠢᠯᠡᠬᠦ ᠪᠦᠬᠦ ᠶᠠᠪᠤᠴᠠ ᠶᠢ ᠨᠡᠪᠲᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠨᠡᠶᠢᠭᠡᠮ ᠲᠣᠭᠤᠷᠢᠭ ᠤᠨ ᠠᠵᠢᠯᠲᠠᠳ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠬᠠᠷᠢᠯᠴᠠᠭ᠎ᠠ ᠪᠠ ᠦᠢᠯᠡᠳᠦᠯᠴᠡᠯ ᠢ ᠴᠢᠩᠭᠠᠳᠬᠠᠵᠤ᠂ ᠰᠠᠨᠠᠭᠤᠯᠭ᠎ᠠ ᠳᠤ ᠬᠠᠷᠢᠭᠤᠯᠲᠠ ᠥᠭᠴᠦ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠦᠢᠯ ᠤᠨ ᠶᠡᠭᠡ ᠪᠠᠷ | ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡᠪᠦᠷᠢ ᠶᠢᠨ ᠰᠠᠨᠠᠭᠤᠯᠭ᠎ᠠ ᠪᠦᠷᠢ ᠨᠢ ᠴᠥᠮ ᠨᠢᠭᠡᠨ ᠬᠤᠪᠢ ᠬᠠᠷᠢᠭᠤᠴᠠᠯᠭ᠎ᠠ | ᠮᠥᠨ᠂ ᠲᠡᠷᠡ ᠨᠢ ᠲᠥᠯᠥᠭᠡᠯᠡᠭᠴᠢᠳ ᠤᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠳᠠᠮᠵᠢᠭᠤᠯᠵᠤ ᠪᠠᠶᠢᠭ᠎ᠠ ᠶᠤᠮ᠃ ᠢᠷᠡᠭᠡᠳᠦᠢ ᠳᠤ᠂ ᠰᠢᠩ ᠭᠤᠸᠠᠩ ᠨᠡᠶᠢᠭᠡᠮ | ᠲᠣᠭᠤᠷᠢᠭ ᠤᠨ ᠬᠢᠨ ᠰᠠᠨᠠᠭᠤᠯᠭ᠎ᠠ ᠨᠢᠭᠡᠪᠦᠷᠢ ᠶᠢᠨ ︽ᠠᠰᠢᠭᠲᠠᠢ ᠦᠭᠡ︾ ᠶᠢ ᠦᠨᠡᠨ ᠪᠣᠳᠠᠲᠠᠢ ︽ᠠᠰᠢᠭᠲᠠᠢ ᠶᠠᠪᠤᠳᠠᠯ︾ ᠪᠣᠯᠭᠠᠨ ᠬᠤᠪᠢᠷᠠᠭᠤᠯᠵᠤ᠂ ᠰᠠᠨᠠᠭᠤᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃ | |