﹇ᠦᠨᠡᠨᠴᠢ ᠢᠲᠡᠭᠡᠮᠵᠢ ᠶᠢᠨ ᠪᠠᠢᠭᠤᠯᠤᠯᠲᠠ ᠣᠯᠠᠨ ᠤ ᠶᠠᠷᠢᠯᠴᠠᠭ᠎ᠠ﹈ ︽ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠬᠡᠬᠦ︾ ᠨᠢ ᠠᠵᠤ ᠠᠬᠤᠶᠢᠯᠠᠯ ᠳᠤ ᠪᠠᠶ᠋ᠬᠠᠣᠪᠤᠭ᠎ᠠ ᠶᠢᠨ ᠳᠤᠯᠠᠭᠠᠴᠠ ᠪᠠ ᠬᠤᠷᠳᠤᠴᠠ ᠶᠢ ᠭᠦᠢᠴᠡᠳ ᠮᠡᠳᠡᠷᠡᠭᠦᠯᠪᠡ
ᠨᠡᠶᠢᠲᠡᠯᠡᠭᠰᠡᠨ ᠴᠠᠭ᠄
2025/5/29
    ᠣᠶᠢᠷ᠎ᠠ ᠶᠢᠨ ᠵᠢᠯ ᠠᠴᠠ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠢᠨ ᠠᠵᠤ ᠠᠬᠤᠶᠢᠯᠠᠯ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠵᠣᠷᠢᠯᠲᠠ ᠪᠠ ᠲᠤᠰᠤᠯᠲᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠢᠯᠡᠳᠦᠯᠭᠡ ᠶᠢᠨ ᠳᠤᠮᠳᠠ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠳᠤᠲᠠᠭᠤᠳᠠᠯ ᠢᠶᠠᠨ ᠨᠦᠬᠦᠪᠦᠷᠢᠯᠡᠨ  ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠ ᠦᠢᠯᠡᠴᠢᠯᠡᠭᠡ ᠪᠠᠷ ᠳᠠᠮᠵᠢᠭᠤᠯᠤᠨ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠤᠳᠠᠭ᠎ᠠ ᠪᠦᠷᠢ ᠶᠢᠨ ᠠᠮᠢᠳᠤᠯᠢᠭ ᠪᠣᠳᠠᠲᠠᠢ ᠶᠠᠪᠤᠳᠠᠯ ᠢᠶᠠᠷ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠡᠷᠡᠰ ᠵᠣᠷᠢᠭ ᠢ ᠲᠠᠶᠢᠯᠪᠤᠷᠢᠯᠠᠵᠤ᠂ ᠪᠠᠶ᠋ᠬᠠᠣᠪᠤᠭ᠎ᠠ ᠶᠢᠨ ᠳᠤᠯᠠᠭᠠᠴᠠ ᠪᠠᠶ᠋ᠬᠠᠣᠪᠤᠭ᠎ᠠ ᠶᠢᠨ ᠬᠤᠷᠳᠤᠴᠠ ᠶᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠷᠨᠢᠩᠭᠦᠢ ᠬᠥᠭᠵᠢᠯᠲᠡ ᠶᠢ ᠬᠠᠮᠠᠭᠠᠯᠠᠪᠠ᠃    ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠬᠠᠪᠰᠤᠷᠤᠨ ᠭᠦᠢᠴᠡᠳᠬᠡᠬᠦ ᠣᠷᠣᠯᠠᠨ  ᠭᠦᠢᠴᠡᠳᠬᠡᠬᠦ ᠵᠡᠷᠭᠡ ᠣᠯᠠᠨ ᠶᠠᠩᠵᠤ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ  ᠭᠦᠢᠴᠡᠳᠬᠡᠬᠦ ᠡᠩᠨᠡᠭᠡ ᠶᠢ ᠰᠢᠯᠢᠳᠡᠭᠵᠢᠭᠦᠯᠦᠨ᠂ ᠭᠤᠣᠯᠳᠠᠯᠭ᠎ᠠ ᠪᠣᠯᠬᠤ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠪᠠ ︔ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ ᠲᠥᠷᠥᠯ ᠵᠦᠢᠯ ᠤᠨ ᠭᠠᠷᠳᠠᠮ ᠢ ᠲᠥᠪᠯᠡᠷᠡᠭᠦᠯᠦᠨ ᠵᠢᠯᠣᠭᠤᠳᠬᠤ᠂ ᠭᠡᠷ ᠲᠤᠨᠢ ᠬᠦᠷᠴᠦ ᠬᠠᠪᠰᠤᠷᠤᠨ ᠵᠢᠯᠣᠭᠤᠳᠬᠤ ᠶᠢ ᠪᠠᠶᠢᠩᠭᠤᠵᠢᠭᠤᠯᠤᠨ ᠥᠷᠨᠢᠭᠦᠯᠵᠦ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ ᠲᠡᠮᠳᠡᠭᠯᠡᠬᠦ ᠳᠤ ᠪᠠᠶᠢᠩᠭᠤ ᠬᠡᠷᠡᠭᠯᠡᠬᠦ ᠠᠰᠠᠭᠤᠳᠠᠯ ᠤᠨ ᠵᠦᠭᠯᠡᠭᠦᠷ  ᠢ ᠦᠢᠯᠡᠳᠴᠦ ᠂ ᠳᠠᠩᠰᠠᠯᠠᠬᠤ ᠶᠠᠪᠤᠴᠠ ᠠᠴᠠ ᠮᠠᠲ᠋ᠧᠷᠢᠶᠠᠯ ᠪᠡᠯᠡᠳᠬᠡᠭᠰᠡᠨ ᠨᠠᠷᠢᠨ ᠵᠦᠢᠯᠡᠰ ᠨᠢᠭᠡᠪᠦᠷᠢ ᠶᠢ ᠬᠠᠮᠤᠷᠴᠤ᠂ ᠦᠢᠯᠡᠰ ᠴᠣᠭᠴᠠᠯᠠᠭᠴᠢ ᠶᠢᠨ ᠳᠡᠩᠰᠡᠯᠡᠨ ᠲᠡᠮᠳᠡᠭᠯᠡᠬᠦ ᠭᠠᠷᠳᠠᠮ ᠢ ᠲᠦᠷᠭᠡᠨ ᠣᠶᠢᠯᠠᠭᠠᠬᠤ ᠶᠢᠨ ᠬᠠᠮᠲᠤ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠪᠠ ︔ ᠢᠨᠵᠧᠨᠧᠷᠢᠩ ᠤᠨ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠬᠡᠪ ᠵᠠᠭᠪᠤᠷ ᠢ ᠦᠢᠯᠡᠳᠴᠦ᠂ ᠢᠨᠵᠧᠨᠧᠷᠢᠩ ᠤᠨ ᠲᠥᠷᠥᠯ ᠵᠦᠢᠯ ᠢ ᠲᠥᠷᠥᠯ ᠵᠦᠢᠯ ᠲᠣᠭᠲᠠᠭᠠᠬᠤ ᠠᠴᠠ ᠪᠠᠷᠢᠯᠭ᠎ᠠ ᠪᠠᠷᠢᠬᠤ ᠵᠥᠪᠰᠢᠶᠡᠷᠡᠯ ᠬᠦᠷᠲᠡᠯᠡᠬᠢ ᠠᠯᠬᠤᠮ ᠪᠦᠷᠢ ᠶᠢᠨ ᠬᠡᠷᠡᠭᠰᠡᠬᠦ ᠮᠠᠲ᠋ᠧᠷᠢᠶᠠᠯ ᠪᠠ ᠭᠦᠢᠴᠡᠳᠬᠡᠬᠦ ᠶᠠᠪᠤᠴᠠ ᠶᠢ ᠨᠠᠷᠢᠨ ᠲᠣᠳᠣᠷᠬᠠᠶ ᠵᠢᠭᠰᠠᠭᠠᠵᠤ᠂ ᠲᠥᠷᠥᠯ ᠵᠦᠢᠯ ᠤᠨ ᠬᠠᠷᠢᠭᠤᠴᠠᠯᠭᠠᠲᠠᠨ ᠢ ᠬᠠᠪᠰᠤᠷᠤᠨ ᠲᠦᠷᠭᠡᠨ ᠣᠶᠢᠯᠠᠭᠠᠭᠤᠯᠬᠤ ᠶᠢᠨ ᠬᠠᠮᠲᠤ ᠥᠨᠳᠥᠷ ᠪᠦᠲᠦᠮᠵᠢᠲᠡᠶ ᠪᠠᠷ ᠭᠠᠷᠳᠠᠮ ᠭᠦᠢᠴᠡᠳᠬᠡᠬᠦ ᠶᠢ ᠲᠦᠯᠬᠢᠨᠠᠬᠢᠭᠤᠯᠪᠠ᠃    ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠤᠨ ᠲᠦᠷᠦᠯ ᠵᠦᠢᠯ ᠨᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠣᠯᠤᠭᠰᠠᠨ ᠤ ᠬᠤᠪᠢ ᠳᠤ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠣᠰ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠭᠠᠷᠳᠠᠮ ᠢ ᠭᠦᠢᠴᠡᠳᠬᠡᠬᠦ ᠳᠤᠮᠳᠠ ᠲᠤᠯᠭᠠᠷᠠᠭᠰᠠᠨ ᠠᠰᠠᠭᠤᠳᠠᠯ ᠳᠤ ᠴᠢᠭᠯᠡᠭᠦᠯᠦᠨ᠂ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠲᠤᠰᠬᠠᠶ ᠬᠠᠪᠰᠤᠷᠤᠨ ᠲᠡᠳᠬᠦᠬᠦ ᠳᠤᠭᠤᠶᠢᠯᠠᠩ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠠᠵᠤ ᠠᠬᠤᠶᠢᠯᠠᠯ  ᠯᠤᠭ᠎ᠠ ᠭᠦᠨᠵᠡᠭᠡᠶ ᠨᠡᠪᠲᠡᠷᠡᠯᠴᠡᠭᠦᠯᠵᠦ ᠂ ᠲᠥᠷᠥᠯ ᠵᠦᠢᠯ ᠤᠨ ᠤᠷ᠎ᠠ ᠮᠡᠷᠭᠡᠰᠢᠯ᠂ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ︽ᠨᠢᠭᠡ ᠳᠤ ᠨᠢᠭᠡ︾ ᠶᠢᠨ ᠨᠠᠷᠢᠯᠢᠭ ᠣᠨᠤᠪᠴᠢᠲᠠᠢ ᠵᠢᠯᠣᠭᠤᠳᠣᠯᠭ᠎ᠠ ᠬᠠᠩᠭᠠᠵᠤ᠂ ᠠᠵᠤ ᠠᠬᠤᠶᠢᠯᠠᠯ ᠤᠨ ᠨᠠᠶᠢᠷᠠᠭᠤᠯᠤᠨ ᠵᠣᠬᠢᠶᠠᠭᠰᠠᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠨᠢ ᠬᠠᠮᠢᠶ᠎ᠠ ᠪᠥᠬᠦᠶ ᠵᠢᠷᠤᠮᠵᠢᠯ ᠪᠠ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ︔ ᠳᠠᠬᠢᠨ ᠦᠨᠡᠯᠡᠨ ᠵᠢᠱᠢᠬᠦ ᠺᠣᠮᠫᠠᠨᠢ ᠶᠢ ᠢᠳᠡᠪᠬᠢᠲᠡᠶ ᠵᠣᠬᠢᠴᠠᠭᠤᠯᠵᠤ᠂ ᠲᠤᠰᠬᠠᠶ ᠮᠡᠷᠭᠡᠵᠢᠯ ᠤᠨ ᠲᠠᠯ᠎ᠠ ᠠᠴᠠ ᠲᠥᠷᠥᠯ ᠵᠦᠢᠯ ᠤᠨ ᠪᠣᠭᠤᠮᠲᠠ ᠶᠢ ᠠᠳᠬᠤᠨ ᠵᠢᠯᠣᠭᠤᠳᠴᠤ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠳᠤᠷᠠᠳᠴᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠪᠡ ︔ ᠡᠭᠦᠨ ᠤ ᠬᠠᠮᠲᠤ᠂ ᠠᠵᠢᠯᠲᠠᠳ ᠮᠥᠷᠳᠡᠨ ᠦᠢᠯᠡᠴᠢᠯᠡᠵᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠭᠦᠢᠴᠡᠳᠬᠡᠬᠦ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠢᠳᠡᠪᠬᠢᠲᠡᠶ ᠪᠠᠷ  ᠲᠡᠷᠢᠭᠦᠨ ᠤ ᠪᠣᠬᠢᠷᠲᠤᠯ ᠢ ᠵᠠᠰᠠᠬᠤ ᠮᠡᠷᠭᠡᠵᠢᠯ ᠪᠠ ᠲᠥᠬᠦᠭᠡᠷᠦᠮᠵᠢ ᠶᠢ ᠬᠡᠷᠡᠭᠯᠡᠬᠦ ᠶᠢ ᠬᠥᠲᠥᠯᠥᠨ ᠵᠢᠯᠣᠭᠤᠳᠴᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ᠃ ᠲᠣᠰ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠳᠣᠲᠣᠨᠣ ᠦᠢᠯᠡᠴᠢᠯᠡᠭᠡ ᠨᠢ ᠲᠡᠳᠡᠨ ᠳᠤ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ ᠬᠠᠯᠠᠮᠵᠢᠯᠠᠬᠤ ᠶᠢ ᠮᠡᠳᠡᠷᠡᠭᠦᠯᠵᠦ᠂ ᠲᠡᠳᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠢᠲᠡᠭᠡᠯ ᠢ ᠨᠡᠮᠡᠭᠳᠡᠭᠦᠯᠪᠡ ᠭᠡᠵᠦ ᠢᠯᠡᠷᠬᠡᠶᠢᠯᠡᠪᠡ ᠃ 
ᠢᠷᠡᠯᠲᠡ᠄ ᠡᠬᠡ ᠪᠢᠴᠢᠭ ᠬᠠᠩᠭᠠᠭᠰᠠᠨ᠄ ᠵᠠᠩ ᠬᠤᠩ ᠭᠠᠩ