5 ᠳ᠋ᠤᠭᠠᠷ ᠰᠠᠷ᠎ᠠ ᠶᠢᠨ 29 ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ︽ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠂ ᠪᠠᠶ᠋ᠬᠠᠣᠪᠤᠭ᠎ᠠ ᠶᠢ ᠮᠠᠭᠲᠠᠨ ᠳᠠᠭᠤᠯᠠᠶ᠎ᠠ︾ | 2025 ᠣᠨ ᠤ ᠵᠡᠭᠡᠯᠢ ᠭᠤᠳᠤᠮᠵᠢ ᠶᠢᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠰᠣᠶᠣᠯ ᠲᠠᠮᠢᠷ ᠤᠨ | ᠲᠣᠪᠴᠢᠶ᠎ᠠ︶ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠰᠣᠶᠣᠯ ᠤᠨ ᠣᠷᠳᠣᠨ᠂ ᠨᠣᠮ ᠤᠨ ᠰᠠᠩ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ | ᠬᠠᠮᠲᠤᠷᠠᠨ ᠳᠠᠭᠠᠭᠠᠴᠢᠯᠠᠨ ᠡᠷᠭᠢᠯᠡᠵᠦ᠂ ᠠᠭᠤᠷᠬᠠᠢ ᠶᠢᠨ ᠲᠣᠭᠤᠷᠢᠭ ᠤᠨ ᠣᠯᠠᠨ ᠲᠦᠮᠡᠨ ᠳᠤ ᠨᠢᠭᠡ ᠤᠳᠠᠭᠠᠨ ᠤ ᠳᠠᠭᠤᠤ ᠬᠥᠭᠵᠢᠮ᠂ ᠰᠣᠶᠣᠯ ᠪᠠ ᠬᠡᠦᠬᠡᠳ ᠤᠨ ᠰᠣᠨᠢᠷᠬᠠᠯ ᠢ | ᠠᠭᠤᠰᠤᠯᠴᠠᠭᠤᠯᠤᠭᠰᠠᠨ ᠪᠠᠶᠠᠷ ᠤᠨ ᠡᠳᠦᠷ ᠤᠨ ᠦᠪᠡᠳᠡᠭᠰᠢ ᠨᠠᠶᠢᠷ ᠢ ᠬᠦᠷᠭᠡᠪᠡ᠃ | | | | | | | | | | ᠨᠤᠲᠤᠭ ᠤᠨ ᠣᠳᠣᠨ ᠠᠩᠭᠢ ᠶᠢᠨ ONE ᠬᠥᠭᠵᠢᠮ ᠤᠨ ᠠᠩᠭᠢ ᠶᠢᠨ ᠬᠢᠨ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠳᠠᠭᠤᠤ ᠪᠠᠷ ᠬᠥᠰᠢᠭᠡ ᠪᠠᠨ ᠰᠡᠬᠦᠵᠦ᠂ ᠷᠣᠺ ᠤᠨ | ᠭᠠᠯᠪᠢᠩᠭ᠎ᠠ᠂ ᠠᠷᠠᠳ ᠤᠨ ᠳᠠᠭᠤᠤ ᠶᠢᠨ ᠰᠢᠨ᠎ᠡ ᠰᠡᠪᠡᠭᠦᠨ᠂ ᠦᠨᠳᠦᠰᠦᠲᠡᠨ ᠤ ᠵᠠᠩ ᠠᠭᠠᠯᠢ ᠶᠢᠨ ᠥᠪᠡᠷᠮᠢᠴᠡ ᠲᠠᠲᠠᠬᠤ ᠬᠦᠴᠦᠨ ᠡᠭᠡᠯᠵᠢᠯᠡᠨ ᠲᠠᠯᠠᠪᠤᠷ ᠲᠤ ᠭᠠᠷᠴᠤ᠂ ᠣᠯᠠᠨ | ᠡᠰᠢᠲᠦ ᠳᠠᠭᠤᠤ ᠬᠥᠭᠵᠢᠮ ᠭᠱᠠᠨ ᠵᠠᠭᠤᠷ᠎ᠠ ᠠᠬᠤᠶ ᠲᠠᠯᠠᠪᠠᠶ ᠶᠢ ᠬᠥᠭᠵᠢᠭᠡᠵᠦ᠂ ᠣᠯᠠᠨ ᠲᠦᠮᠡᠨ ᠤ ᠠᠩᠬᠠᠷᠤᠯ ᠢ ᠲᠠᠲᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ | ᠲᠣᠭᠤᠷᠢᠭ ᠤᠨ ᠰᠣᠶᠣᠯ ᠤᠨ ᠣᠷᠳᠣᠨ 2025 ᠣᠨ ᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠤᠨ | ᠲᠦᠭᠡᠮᠡᠯᠵᠢᠭᠦᠯᠬᠦ᠂ ᠲᠣᠭᠤᠷᠢᠭ ᠤᠨ ᠨᠣᠮ ᠤᠨ ᠰᠠᠩ ︽ᠰᠢᠯᠦᠭ ᠳᠠᠭᠤᠯᠠᠯ ᠢ ᠵᠣᠯᠭᠠᠭᠤᠯᠬᠤ︾ ᠪᠠ ︽ᠪᠠᠶᠠᠷ ᠪᠠᠶᠠᠰᠬᠤᠯᠠᠩᠲᠤ ᠳᠤᠭᠲᠤᠢ︾ ᠠᠵᠢᠯᠯᠠᠭ᠎ᠠ ᠥᠷᠨᠢᠭᠦᠯᠵᠦ᠂ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠪᠣᠯᠪᠠᠰᠤᠨ ᠤ ᠳᠦᠷᠢᠮ ᠲᠠᠷᠬᠠᠭᠠᠵᠤ᠂ ᠤᠯᠠᠨ ᠲᠦᠮᠡᠨ ᠤ ᠪᠣᠯᠪᠠᠰᠤᠨ ᠠᠵᠢᠯᠯᠠᠭ᠎ᠠ ᠶᠢᠨ | ᠵᠢᠷᠤᠮᠵᠢᠯ ᠢ ᠰᠠᠨᠠᠭᠠᠴᠢᠯᠠᠪᠠ᠃ | | | | | | ᠲᠣᠰ ᠤᠳᠠᠭᠠᠨ ᠤ ᠵᠡᠭᠡᠯᠢ ᠭᠤᠳᠤᠮᠵᠢ ᠶᠢᠨ ᠲᠣᠭᠯᠠᠯᠲᠠ ᠶᠢᠨ ᠴᠤᠭᠯᠠᠭᠠᠨ ᠤ ᠠᠵᠢᠯᠯᠠᠭ᠎ᠠ ᠨᠢ ᠭᠦᠨ ᠵᠤᠵᠠᠭᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ | ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠪᠠᠶᠠᠰᠬᠤᠯᠠᠩᠲᠤ ᠵᠢᠷᠭᠤᠭᠠᠨ ᠰᠠᠷ᠎ᠠ ᠶᠢᠨ ᠨᠢᠭᠡᠨ ᠤ ᠠᠶᠠᠰ ᠢ ᠬᠠᠩᠭᠢᠨᠠᠭᠤᠯᠵᠤ᠂ ᠣᠯᠠᠨ ᠲᠦᠮᠡᠨ ᠤ ᠠᠵᠢᠯ ᠤᠨ ᠴᠢᠯᠥᠭᠡᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠥᠷᠨᠢᠭᠦᠨ ᠠᠮᠢᠵᠢᠷᠠᠯ ᠤᠨ ᠬᠦᠴᠦᠨ ᠢ ᠢᠯᠡᠷᠡᠭᠦᠯᠪᠡ᠃ | |