ᠦᠰᠦᠭ ᠪᠢᠴᠢᠭ ᠢᠶᠠᠷ ᠦᠭᠦᠯᠡᠭᠦᠢ᠄ ︽2025 ᠣᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/8
    ᠨᠢᠭᠡ᠂ ᠪᠢᠴᠢᠭ ᠮᠠᠲ᠋ᠧᠷᠢᠶᠠᠯ ᠲᠣᠭᠲᠠᠭᠠᠭᠰᠠᠨ ᠠᠬᠤᠶ ᠪᠠᠶᠢᠳᠠᠯ    ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠩᠬᠠᠷᠤᠯ ᠦᠨᠳᠦᠷ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠮᠠᠨ ᠤ ᠬᠤᠲᠠ ᠶᠢᠨ ᠣᠳᠣᠬᠠᠨ ᠤ ᠬᠤᠲᠠ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠮᠠᠨ ᠤ ᠬᠤᠲᠠ 2025 ᠣᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠯᠡᠭᠡ ᠶᠢ ᠲᠣᠭᠲᠠᠭᠠᠪᠠ᠃    ᠬᠤᠶᠠᠷ᠂ ᠠᠵᠢᠯ ᠤᠨ ᠬᠠᠷᠠᠯᠲᠠ    2025 ᠣᠨ ᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠭᠤᠣᠯᠳᠠᠯᠭ᠎ᠠ ᠪᠣᠯᠬᠤ ᠠᠵᠢᠯ ᠤᠨ ᠲᠣᠭᠤᠷᠢᠨ ᠳᠤ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠭᠤᠣᠯ ᠪᠣᠯᠭᠠᠵᠤ᠂ ᠵᠠᠮ ᠬᠠᠷᠢᠯᠴᠠᠭᠠᠨ ᠤ ᠲᠦᠭᠵᠢᠷᠡᠯ᠂ ᠬᠤᠭᠤᠯᠠᠢ ᠲᠣᠣᠷ ᠬᠠᠭᠤᠴᠢᠷᠠᠬᠤ᠂ ᠬᠤᠲᠠ ᠶᠢᠨ ᠲᠣᠭᠤᠷᠢᠭ ᠲᠤ ᠤᠰᠤ ᠬᠤᠷᠠᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠴᠢᠳᠠᠮᠵᠢ ᠶᠢᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠲᠠ ᠶᠢᠨ ᠴᠢᠳᠠᠪᠤᠷᠢ ᠶᠢᠨ ᠳᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃    ᠭᠤᠷᠪᠠ᠂ ᠭᠤᠤᠯ ᠠᠭᠤᠯᠭ᠎ᠠ ᠶᠢᠨ ᠲᠠᠶᠢᠯᠤᠮᠵᠢ    ᠪᠢᠴᠢᠭ ᠮᠠᠲ᠋ᠧᠷᠢᠶᠠᠯ ᠢ ᠭᠤᠷᠪᠠᠨ ᠶᠡᠭᠡ ᠬᠡᠰᠡᠭ ᠲᠤ ᠬᠤᠪᠢᠶᠠᠪᠠ᠄    1. ᠶᠡᠷᠦᠩᠬᠡᠶ ᠱᠠᠭᠠᠷᠳᠠᠯᠭ᠎ᠠ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ᠂ ᠲᠥᠷᠥ ᠶᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠲᠠᠯᠠᠵᠤ᠂ ᠬᠤᠲᠠ ᠶᠢᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠡᠭᠦᠷᠭᠡ ᠶᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠬᠦ ᠵᠡᠷᠭᠡ ᠠᠵᠢᠯ ᠳᠤ ᠱᠠᠭᠠᠷᠳᠠᠯᠭ᠎ᠠ ᠲᠠᠯᠪᠢᠵᠤ᠂ ᠪᠣᠳᠠᠲᠠᠶ ᠠᠵᠢᠯ ᠤᠨ ᠬᠠᠷᠠᠯᠲᠠ ᠶᠢ ᠳᠤᠷᠠᠳᠪᠠ᠃    2. ᠭᠤᠣᠯ ᠠᠭᠤᠯᠭ᠎ᠠ᠄ 2025 ᠣᠨ ᠳᠤ ᠬᠤᠲᠠ ᠶᠢᠨ ᠲᠣᠰ ᠱᠠᠲᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ 45 ᠭᠤᠣᠯᠳᠠᠯᠭ᠎ᠠ ᠪᠣᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠱᠢᠯᠲᠡ ᠪᠠᠷ ᠶᠡᠷᠦᠩᠬᠡᠶ ᠪᠡᠯᠡ ᠣᠷᠣᠭᠤᠯᠤᠯᠲᠠ ᠨᠢ 44.4 ᠳ᠋ᠦᠩᠰᠢᠭᠤᠷ ᠲᠥᠭᠦᠷᠢᠭ ᠪᠣᠯᠤᠨ᠎ᠠ᠃ ᠡᠭᠦᠨ ᠳᠤ᠂ ᠤᠯᠤᠰ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠳᠤ ᠨᠡᠶᠢᠴᠡᠵᠦ᠂ 2025 ᠣᠨ ᠳᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠪᠠᠴᠢᠮ ᠬᠡᠷᠡᠭᠰᠡᠬᠦ ᠬᠡᠷᠡᠭᠵᠢᠭᠦᠯᠬᠦ ᠲᠥᠷᠥᠯ ᠤᠨ ᠲᠥᠷᠥᠯ ᠵᠦᠢᠯ 26 ᠪᠠᠶᠢᠵᠤ᠂ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 33.14 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 11. 15 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ︔ ᠤᠯᠤᠰ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠳᠤ ᠨᠡᠶᠢᠴᠡᠵᠦ᠂ ᠬᠤᠶᠢᠰᠢᠳᠠ ᠶᠢᠨ ᠬᠡᠳᠦᠨ ᠵᠢᠯ ᠳᠤ ᠬᠡᠷᠡᠭᠵᠢᠭᠦᠯᠬᠦ ᠨᠥᠭᠡᠴᠡᠯᠡᠬᠦ ᠲᠥᠷᠥᠯ ᠤᠨ ᠲᠥᠷᠥᠯ ᠵᠦᠢᠯ 11 ᠪᠠᠶᠢᠵᠤ᠂ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 3. 78 ᠳ᠋ᠦᠩᠰᠢᠭᠤᠷ ᠲᠥᠭᠦᠷᠢᠭ ᠲᠤ ᠬᠦᠷᠴᠦ᠂ 2025 ᠣᠨ ᠳᠤ ᠪᠥᠬᠦ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ︔ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠥᠷᠥᠯ ᠵᠦᠢᠯ ᠤᠨ 8 ᠵᠦᠢᠯ ᠢ ᠤᠷᠢᠳᠴᠢᠯᠠᠨ ᠲᠥᠯᠥᠪᠯᠡᠵᠦ᠂ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 7.48 ᠳ᠋ᠦᠩᠰᠢᠭᠤᠷ ᠲᠥᠭᠦᠷᠢᠭ ᠲᠤ ᠬᠦᠷᠴᠦ᠂ 2025 ᠣᠨ ᠳᠤ ᠲᠥᠰᠦᠯ ᠵᠢᠷᠤᠵᠤ ᠲᠥᠯᠥᠪᠯᠡᠬᠦ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠢ ᠥᠷᠨᠢᠭᠦᠯᠵᠦ᠂ ᠬᠤᠲᠠ ᠶᠢᠨ ᠰᠢᠨᠡᠴᠢᠯᠡᠯᠲᠡ ᠶᠢᠨ ᠬᠦᠷᠢᠶᠡᠨ ᠤ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠬᠦᠴᠡᠯ ᠢ ᠬᠠᠩᠭᠠᠭᠰᠠᠨ ᠤ ᠳᠠᠷᠠᠭ᠎ᠠ ᠳᠠᠷᠦ᠋ᠢᠬᠠᠨ ᠵᠣᠬᠢᠶᠠᠨ ᠪᠠᠶᠢᠭᠤᠯᠤᠨ ᠠᠬᠢᠭᠤᠯᠤᠨ᠎ᠠ᠃    ᠠᠵᠢᠯ ᠤᠨ ᠱᠠᠭᠠᠷᠳᠠᠯᠭ᠎ᠠ᠄ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠭᠤᠷᠪᠠᠨ ᠲᠠᠯ᠎ᠠ ᠠᠴᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠳᠤ ᠱᠠᠭᠠᠷᠳᠠᠯᠭ᠎ᠠ ᠲᠠᠯᠪᠢᠵᠤ᠂ ᠬᠡᠷᠡᠭᠵᠢᠭᠦᠯᠬᠦ ᠬᠦᠴᠦᠨ ᠪᠠ ᠨᠠᠶᠢᠳᠠᠪᠤᠷᠢᠵᠢᠭᠤᠯᠬᠤ ᠪᠣᠳᠠᠲᠤ ᠬᠦᠴᠦᠨ ᠢ ᠤᠯᠠᠮ ᠨᠢᠭᠡ ᠠᠯᠬᠤᠮ ᠴᠢᠩᠭᠠᠳᠬᠠᠨ᠂ ᠨᠢᠭᠲᠠ ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠲᠥᠯᠥᠭᠡ ᠶᠤᠮ᠃    ᠳᠥᠷᠪᠡ᠂ ᠪᠢᠴᠢᠭ ᠮᠠᠲ᠋ᠧᠷᠢᠶᠠᠯ ᠤᠨ ᠬᠡᠷᠡᠭᠵᠢᠭᠦᠯᠬᠦ ᠬᠡᠪᠴᠢᠶ᠎ᠡ ᠪᠠ ᠬᠡᠷᠡᠭᠵᠢᠭᠦᠯᠬᠦ ᠴᠠᠭ    ᠲᠣᠰ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠬᠡᠪᠴᠢᠶ᠎ᠡ ᠨᠢ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠪᠠᠶᠢᠵᠤ᠂ ᠬᠡᠷᠡᠭᠵᠢᠭᠦᠯᠬᠦ ᠴᠠᠭ ᠨᠢ 2025 ᠣᠨ ᠪᠣᠯᠤᠨ᠎ᠠ᠃
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ