ᠨᠢᠭᠡ᠂ ᠲᠣᠭᠲᠠᠭᠠᠭᠰᠠᠨ ᠠᠬᠤᠶ ᠪᠠᠶᠢᠳᠠᠯ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ | ᠨᠠᠶᠢᠲᠠᠪᠤᠷᠢᠵᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ | ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ | ᠠᠵᠢᠯᠯᠠᠭ᠎ᠠ ᠶᠢᠨ ᠲᠥᠰᠥᠯ︾ ᠢ ᠨᠠᠶᠢᠳᠠᠪᠤᠷᠢᠵᠢᠭᠤᠯᠵᠤ᠂ ᠪᠤᠭᠤᠲᠤ ᠬᠤᠳᠠ ᠤᠰᠤᠨ ᠤ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠪᠣᠳᠠᠲᠠᠢ ᠳᠤ ᠪᠠᠨ ᠰᠠᠭᠤᠷᠢᠯᠠᠵᠤ᠂ | ︽ᠪᠤᠭᠤᠲᠤ ᠬᠤᠳᠠ ᠶᠢᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠰᠢᠰᠲ᠋ᠧᠮ ᠲᠠᠢ ᠠᠬᠢᠭᠤᠯᠵᠤ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃ | ︽ᠬᠡᠷᠡᠭᠵᠢᠭᠦᠯᠬᠦ ᠲᠥᠰᠦᠯ︾ ᠨᠢ ᠲᠠᠷᠢᠶᠠᠯᠠᠩ᠂ ᠠᠵᠤ ᠦᠢᠯᠡᠳᠪᠦᠷᠢ᠂ ᠠᠮᠢᠳᠤᠷᠠᠯ᠂ ᠠᠮᠢ ᠠᠬᠤᠶ ᠳᠤ ᠬᠡᠷᠡᠭᠯᠡᠬᠦ ᠤᠰᠤ ᠵᠡᠷᠭᠡ 4 ᠵᠠᠩᠭᠢᠯᠠᠭ᠎ᠠ ᠶᠢᠨ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠪᠡ᠃ | ᠬᠤᠶᠠᠷ᠂ ᠭᠤᠣᠯ ᠬᠠᠷᠠᠯᠲᠠ | ︽ᠬᠡᠷᠡᠭᠵᠢᠭᠦᠯᠬᠦ ᠲᠥᠰᠦᠯ︾ ᠨᠢ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠬᠤ ᠪᠠᠷ ᠳᠠᠮᠵᠢᠭᠤᠯᠤᠨ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ | ᠬᠢᠭᠡᠳ ᠡᠷᠴᠢᠮ ᠤᠨ ᠬᠤᠤᠰ ᠡᠵᠡᠮᠳᠡᠯ ᠢ ᠴᠢᠩᠭ᠎ᠠ ᠨᠠᠶᠢᠳᠠᠪᠤᠷᠢᠵᠢᠭᠤᠯᠵᠤ᠂ 2025 ᠣᠨ ᠳᠤ ᠪᠥᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 9. 82 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠤᠨ ᠳᠣᠲᠣᠷ᠎ᠠ ᠬᠢᠵᠠᠭᠠᠷᠯᠠᠵᠤ᠂ ᠤᠯᠤᠰ ᠤᠨ ᠳᠣᠲᠣᠭᠠᠳᠤ ᠶᠢᠨ ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 30% ᠠᠴᠠ ᠳᠡᠭᠡᠭᠰᠢ ᠪᠠᠭᠤᠷᠠᠭᠤᠯᠵᠤ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 35% ᠠᠴᠠ ᠳᠡᠭᠡᠭᠰᠢ ᠪᠠᠭᠤᠷᠠᠭᠤᠯᠤᠨ᠎ᠠ ᠭᠡᠵᠦ ᠲᠣᠳᠤᠷᠬᠠᠢ | ᠲᠣᠭᠲᠠᠭᠠᠪᠠ᠃ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 810 ᠲᠦᠮᠡᠨ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠨᠡᠮᠡᠭᠳᠡᠭᠦᠯᠵᠦ᠂ ᠲᠠᠷᠢᠶᠠᠨ ᠭᠠᠵᠠᠷ ᠤᠨ | ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.62 ᠳᠤ ᠬᠦᠷᠦᠭᠦᠯᠦᠨ᠎ᠡ︔ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ | ᠭᠤᠤᠷᠰᠤ ᠶᠢᠨ ᠲᠣᠤᠷ ᠤᠨ ᠤᠰᠤ ᠭᠤᠭᠤᠵᠢᠬᠤ ᠨᠣᠷᠮ᠎ᠠ ᠶᠢ 7% ᠶᠢᠨ ᠳᠣᠲᠣᠷ᠎ᠠ ᠬᠢᠵᠠᠭᠠᠷᠯᠠᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 45% ᠠᠴᠠ | ᠳᠡᠭᠡᠭᠰᠢ ᠳᠤ ᠬᠦᠷᠦᠭᠦᠯᠦᠨ᠎ᠡ︔ ᠡᠩ ᠤᠨ ᠪᠤᠰᠤ ᠤᠰᠤᠨ ᠰᠤᠷᠪᠤᠯᠵᠢ ᠶᠢᠨ ᠬᠡᠷᠡᠭᠯᠡᠬᠦ ᠬᠡᠮᠵᠢᠶ᠎ᠡ ᠶᠢ 1.17 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠠᠵᠢᠯ ᠢ ᠢᠯᠡᠳᠲᠡ ᠦᠷ᠎ᠡ ᠪᠦᠲᠦᠮᠵᠢ ᠲᠠᠢ ᠪᠣᠯᠭᠠᠵᠤ᠂ ᠠᠰᠢᠭᠯᠠᠬᠤ | ᠦᠷ᠎ᠡ ᠪᠦᠲᠦᠮᠵᠢ ᠪᠠ ᠦᠷ᠎ᠡ ᠠᠰᠢᠭ ᠢ ᠢᠯᠡᠳᠲᠡ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠤᠰᠤ ᠠᠷᠪᠢᠯᠠᠬᠤ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠦᠯ︾ ᠢ ᠨᠡᠶᠢᠲᠡ 3 ᠬᠡᠰᠡᠭ ᠲᠤ ᠬᠤᠪᠢᠶᠠᠪᠠ᠃ | ᠨᠢᠭᠡᠳᠦᠭᠡᠷ ᠬᠡᠰᠡᠭ᠂ ᠭᠤᠤᠯ ᠬᠠᠷᠠᠯᠲᠠ᠃ 2025 ᠣᠨ ᠤ ᠪᠥᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠡᠷᠴᠢᠮ ᠢ ᠬᠠᠮᠢᠶᠠᠷᠤᠨ ᠡᠵᠡᠮᠳᠡᠬᠦ ᠬᠠᠷᠠᠯᠲᠠ ᠶᠢ | ᠲᠣᠳᠣᠷᠬᠠᠶᠢᠯᠠᠵᠤ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ ᠪᠠᠯᠭᠠᠰᠤᠨ ᠤ ᠠᠮᠢᠳᠤᠷᠠᠯ ᠤᠨ ᠤᠰᠤ ᠠᠷᠪᠢᠯᠠᠬᠤ ᠵᠢᠴᠢ ᠡᠩ ᠤᠨ ᠪᠤᠰᠤ ᠤᠰᠤ ᠶᠢ ᠠᠰᠢᠭᠯᠠᠬᠤ ᠬᠠᠷᠠᠯᠲᠠ ᠶᠢ | ᠲᠣᠳᠣᠷᠬᠠᠶᠢᠯᠠᠨ᠎ᠠ᠃ | ᠬᠤᠶᠠᠳᠤᠭᠠᠷ ᠬᠡᠰᠡᠭ᠂ ᠭᠤᠤᠯᠳᠠᠯᠭ᠎ᠠ ᠪᠣᠯᠬᠤ ᠡᠭᠦᠷᠭᠡ᠃ 8 ᠲᠠᠯ᠎ᠠ ᠶᠢᠨ 31 ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃ | ᠨᠢᠭᠡ ᠳᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠎ᠠ᠃ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠰᠤ ᠠᠷᠪᠢᠯᠠᠬᠤ ᠬᠢᠵᠠᠭᠠᠷᠯᠠᠯ ᠤᠨ | ᠴᠢᠨᠠᠷᠲᠠᠶ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠤᠰᠤ ᠬᠡᠷᠡᠭᠯᠡᠬᠦ ᠬᠡᠮᠵᠢᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠢᠨᠠᠨ ᠵᠥᠪᠰᠢᠶᠡᠷᠡᠬᠦ ᠶᠢ | ᠬᠢᠵᠠᠭᠠᠷᠯᠠᠨ ᠵᠥᠪᠰᠢᠶᠡᠷᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ | ᠡᠯ᠎ᠡ ᠠᠵᠢᠯ ᠲᠥᠷᠥᠯ ᠤᠨ ᠤᠰᠤ ᠠᠷᠪᠢᠯᠠᠬᠤ ᠭᠦᠢᠴᠡᠳᠬᠡᠯ ᠲᠤᠭ᠎ᠠ ᠶᠢ ᠬᠤᠰᠢᠭᠤ ᠰᠢᠶᠠᠨ ᠳᠤ ᠬᠦᠷᠲᠡᠯ᠎ᠡ ᠵᠠᠳᠠᠯᠤᠨ᠎ᠠ᠃ | ᠬᠤᠶᠠᠷ ᠲᠤ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠲᠣᠪᠤᠶᠢᠮ᠎ᠠ ᠰᠠᠶᠢᠲᠤᠷ ᠠᠳᠬᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠮᠡᠷᠭᠡᠵᠢᠯ ᠤᠨ ᠮᠡᠷᠭᠡᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾ | ᠠᠰᠠᠭᠤᠳᠠᠯ ᠢ ᠭᠦᠨᠵᠡᠭᠡᠶ ᠰᠢᠢᠳᠪᠦᠷᠢᠯᠡᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠭᠤᠷᠪᠠ ᠳᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠲᠦᠷᠭᠡᠳᠬᠡᠨ ᠠᠬᠢᠭᠤᠯᠤᠨ᠎ᠠ᠃ ᠡᠨᠧᠷᠭᠢ ᠶᠢᠨ ᠬᠦᠷᠢᠶ᠎ᠡ ᠴᠠᠷᠠᠭ᠎ᠠ᠂ ᠭᠤᠤᠯᠳᠠᠯᠭ᠎ᠠ ᠪᠣᠯᠬᠤ ᠠᠵᠢᠯ | ᠲᠥᠷᠥᠯ ᠤᠨ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠬᠦᠷᠢᠶᠡᠯᠡᠩ | ᠲᠣᠭᠤᠷᠢᠭ ᠤᠨ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ | ᠳᠥᠷᠪᠡ ᠳᠤ᠂ ᠬᠤᠲᠠ ᠬᠥᠳᠡᠭᠡ ᠶᠢᠨ ᠤᠰᠤ ᠶᠢ ᠭᠠᠮᠨᠠᠨ ᠠᠷᠪᠢᠯᠠᠬᠤ ᠶᠢ ᠠᠬᠢᠭᠤᠯᠤᠨ᠎ᠠ᠃ ᠬᠤᠲᠠ ᠶᠢᠨ ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠤᠷ ᠤᠨ | ᠭᠤᠭᠤᠵᠢᠵᠤ ᠰᠦᠢᠳᠬᠦ ᠶᠢ ᠪᠠᠭᠠᠰᠬᠠᠵᠤ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ | ᠦᠢᠯᠡᠴᠢᠯᠡᠭᠡᠨ ᠤ ᠦᠢᠯᠡᠰ ᠪᠠ ᠣᠨᠴᠠ ᠲᠥᠷᠥᠯ ᠤᠨ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠡᠷᠡᠭᠯᠡᠬᠦ ᠶᠢ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠤᠰᠤ ᠬᠡᠷᠡᠭᠯᠡᠬᠦ | ᠦᠨ᠎ᠡ ᠬᠠᠩᠰᠢ ᠶᠢᠨ ᠲᠣᠭᠲᠠᠴᠠ ᠶᠢ ᠪᠦᠷᠢᠨᠰᠢᠭᠦᠯᠵᠦ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ | ᠲᠠᠪᠤ ᠳᠤ᠂ ᠠᠮᠢ ᠠᠬᠤᠶ ᠶᠢᠨ ᠤᠰᠤ ᠠᠷᠪᠢᠯᠠᠬᠤ ᠶᠢ ᠲᠦᠷᠭᠡᠪᠴᠢᠯᠡᠨ ᠠᠬᠢᠭᠤᠯᠤᠨ᠎ᠠ᠃ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ ᠶᠢ ᠪᠠᠷᠢᠮᠲᠠᠯᠠᠵᠤ᠂ | ︽ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠤᠰᠤ ᠠᠷᠪᠢᠯᠠᠬᠤ︾ ᠶᠢ ᠠᠬᠢᠭᠤᠯᠵᠤ᠂ ᠬᠤᠳᠠ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ | ᠬᠠᠮᠢᠶᠠᠷᠤᠯᠲᠠ ᠶᠢ ᠴᠢᠩᠭᠠᠳᠬᠠᠬᠤ ᠶᠢ ᠳᠣᠷᠠᠳᠤᠨᠠ᠃ | ᠵᠢᠷᠭᠤᠭ᠎ᠠ ᠳᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠴᠢᠩᠭᠠᠳᠬᠠᠨ᠎ᠠ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ | ᠣᠷᠣᠨ ᠤ ᠵᠠᠰᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠵᠠᠰᠠᠯᠲᠠ ᠶᠢ ᠲᠦᠷᠭᠡᠳᠬᠡᠨ ᠠᠬᠢᠭᠤᠯᠤᠨ᠎ᠠ᠃ | ᠳᠣᠯᠤᠭ᠎ᠠ ᠳᠤ᠂ ᠶᠡᠷᠦ ᠪᠤᠰᠤ ᠶᠢᠨ ᠤᠰᠤ ᠶᠢ ᠬᠦᠴᠦᠯᠡᠨ ᠰᠠᠶᠢᠲᠤᠷ ᠬᠡᠷᠡᠭᠯᠡᠨ᠎ᠡ᠃ ᠤᠰᠤ ᠲᠠᠲᠠᠷᠠᠭᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ | ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠤ᠂ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠨᠠᠢᠮᠠ ᠳᠤ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ | ᠲᠦᠯᠬᠢᠨ ᠠᠬᠢᠭᠤᠯᠵᠤ᠂ ᠤᠰᠤ ᠠᠷᠪᠢᠯᠠᠬᠤ ᠠᠵᠤ ᠦᠢᠯᠡᠰ ᠤᠨ ᠵᠣᠬᠢᠴᠠᠯᠳᠤᠨ ᠬᠥᠭᠵᠢᠬᠦ ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ | ᠭᠤᠷᠪᠠᠳᠤᠭᠠᠷ ᠬᠡᠰᠡᠭ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠠᠵᠢᠯ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠳᠥᠷᠪᠡ᠂ ᠭᠤᠣᠯ ᠣᠨᠴᠠᠯᠢᠭ | ︽ᠬᠡᠷᠡᠭᠵᠢᠭᠦᠯᠬᠦ ᠲᠥᠰᠦᠯ︾ ᠤᠨ ᠭᠤᠤᠯ ᠣᠨᠴᠠᠯᠢᠭ ᠲᠤ ᠳᠣᠣᠷᠠᠬᠢ ᠵᠦᠢᠯᠡᠰ ᠪᠠᠭᠲᠠᠨ᠎ᠠ᠄ | 1. ᠭᠤᠣᠯᠳᠠᠯᠭ᠎ᠠ ᠲᠠᠢ ᠬᠠᠷᠠᠯᠲᠠ ᠶᠢ ᠲᠤᠪᠤᠶᠢᠯᠭᠠᠨ᠎ᠠ᠄ ᠲᠣᠳᠣᠷᠬᠠᠶ ᠲᠣᠭᠲᠠᠭᠠᠭᠰᠠᠨ ᠤᠰᠤ ᠠᠷᠪᠢᠯᠠᠬᠤ ᠬᠠᠷᠠᠯᠲᠠ ᠶᠢ ᠡᠯ᠎ᠡ ᠬᠤᠰᠢᠭᠤ ᠰᠢᠶᠠᠨ ᠲᠣᠭᠤᠷᠢᠭ ᠲᠤ ᠬᠦᠷᠲᠡᠯ᠎ᠡ | ᠵᠠᠳᠠᠯᠵᠤ᠂ ᠭᠦᠢᠴᠡᠳᠬᠡᠬᠦ ᠲᠤᠭ᠎ᠠ ᠶᠢ ᠬᠡᠮᠵᠢᠶᠡᠵᠢᠭᠦᠯᠬᠦ ᠪᠠᠷ ᠳᠠᠮᠵᠢᠭᠤᠯᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | 2. ᠰᠢᠰᠲ᠋ᠧᠮᠵᠢᠭᠦᠯᠦᠨ ᠵᠠᠰᠠᠬᠤ ᠶᠢ ᠲᠤᠪᠤᠶᠢᠯᠭᠠᠨ᠎ᠠ᠄ ᠠᠵᠤ ᠦᠢᠯᠡᠳᠪᠦᠷᠢ᠂ ᠲᠠᠷᠢᠶᠠᠯᠠᠩ᠂ ᠬᠤᠳᠠ ᠪᠠᠯᠭᠠᠰᠤᠨ ᠤ ᠠᠮᠢᠳᠤᠷᠠᠯ᠂ ᠠᠮᠢ ᠠᠬᠤᠶ ᠶᠢᠨ ᠣᠷᠴᠢᠨ ᠨᠥᠬᠦᠴᠡᠯ ᠤᠨ | ᠬᠦᠷᠢᠶ᠎ᠡ ᠶᠢ ᠪᠠᠷᠢᠮᠲᠠᠯᠠᠨ᠂ ᠭᠠᠵᠠᠷ ᠳᠡᠭᠡᠷᠡᠬᠢ ᠤᠰᠤ᠂ ᠭᠠᠵᠠᠷ ᠳᠣᠤᠷᠠᠬᠢ ᠤᠰᠤ᠂ ᠳᠠᠬᠢᠯᠲᠠ ᠤᠰᠤ ᠵᠡᠷᠭᠡ ᠤᠰᠤᠨ ᠤ ᠡᠬᠢ ᠰᠤᠷᠪᠤᠯᠵᠢ ᠶᠢ ᠨᠢᠭᠡᠳᠦᠯᠲᠡᠶ ᠲᠥᠯᠥᠪᠯᠡᠵᠦ᠂ | ᠰᠢᠰᠲ᠋ᠧᠮ ᠤᠨ ᠴᠢᠨᠠᠷᠲᠠᠶ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠦᠨ᠎ᠡ᠃ | 3. ᠬᠠᠮᠵᠢᠯᠴᠠᠨ ᠤᠰᠤ ᠠᠷᠪᠢᠯᠠᠬᠤ ᠶᠢ ᠲᠤᠪᠤᠶᠢᠯᠭᠠᠨ᠎ᠠ᠄ ᠬᠥᠭᠵᠢᠭᠦᠯᠦᠯᠲᠡ ᠥᠭᠡᠷᠡᠴᠢᠯᠡᠯᠲᠡ᠂ ᠤᠰᠤᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ ᠠᠵᠤ | ᠦᠢᠯᠡᠳᠪᠦᠷᠢ ᠮᠡᠳᠡᠭᠡ ᠵᠠᠩᠭᠢ᠂ ᠬᠤᠲᠠ ᠶᠢᠨ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠬᠠᠮᠵᠢᠯᠴᠠᠨ ᠠᠵᠢᠯᠯᠠᠵᠤ᠂ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ |