ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/9
    ᠡᠪᠡᠰᠦ ᠤᠷᠭᠤᠮᠠᠯ ᠨᠣᠭᠤᠭᠠᠷᠠᠵᠤ ᠰᠢᠪᠠᠭᠤᠳ ᠨᠢᠰᠴᠦ᠂ ᠶᠠᠭ ᠮᠣᠳᠣ ᠲᠠᠷᠢᠬᠤ ᠰᠠᠶᠢᠬᠠᠨ ᠴᠠᠭ ᠪᠠᠶᠢᠯ᠎ᠠ ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠤᠯᠤᠰ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠪᠥᠬᠦ ᠠᠷᠠᠳ ᠤᠨ ᠨᠣᠭᠤᠭᠠᠷᠠᠭᠤᠯᠤᠯᠲᠠ ᠶᠢ ᠬᠠᠶᠢᠷᠠᠯᠠᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠪᠠᠶᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠵᠤ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 9 ᠤ ᠡᠳᠦᠷ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ 2025 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠵᠦ᠂ ᠪᠥᠬᠦ  ᠲᠣᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠢᠳᠡᠪᠬᠢᠲᠡᠶ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠭᠤᠷᠬᠠᠶ ᠶᠢᠨ ᠲᠣᠭᠤᠷᠢᠭ ᠲᠤ ᠨᠣᠭᠤᠭᠠᠨ ᠥᠩᠭᠡ ᠨᠡᠮᠡᠷᠢᠯᠡᠪᠡ᠃
白云鄂博矿区开展全民义务植树活动.png
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠦᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠵᠡᠢ᠃ ᠤᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠲᠣᠳᠣᠷᠬᠠᠢ᠂ ᠵᠠᠷᠢᠮ ᠨᠢ ᠬᠦᠷᠵᠡ ᠡᠷᠭᠢᠭᠦᠯᠦᠨ ᠨᠦᠬᠡ ᠮᠠᠯᠲᠠᠵᠤ᠂ ᠵᠠᠷᠢᠮ ᠨᠢ ᠴᠢᠬᠢ ᠶᠢ ᠲᠦᠰᠢᠨ ᠰᠢᠷᠣᠢ ᠪᠠᠷ ᠪᠥᠭᠯᠡᠵᠦ᠂ ᠵᠠᠷᠢᠮ ᠨᠢ ᠤᠰᠤᠯᠠᠵᠤ᠂ ᠭᠤᠭᠴᠤᠭ᠎ᠠ ᠨᠢᠭᠡᠪᠦᠷᠢ ᠳᠤ ᠨᠠᠷᠢᠨ ᠬᠢᠨᠠᠮᠠᠭᠠᠢ᠂ ᠥᠴᠦᠬᠡᠨ ᠴᠦ ᠣᠰᠣᠯᠠᠬᠤ ᠦᠭᠡᠢ ᠪᠠᠶᠢᠪᠠ᠃ ᠺᠠᠳ᠋ᠷᠴᠤᠳ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠷᠴᠢ ᠵᠣᠷᠢᠭ ᠲᠡᠭᠦᠯᠳᠡᠷ ᠪᠠᠶᠢᠨ᠎ᠠ︔ ᠰᠠᠶᠢᠨ ᠳᠤᠷ᠎ᠠ ᠶᠢᠨ ᠦᠢᠯᠡᠴᠢᠯᠡᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡᠪᠬᠢᠲᠡᠢ ᠣᠷᠣᠯᠴᠠᠪᠠ︔ ᠪᠢᠴᠢᠬᠠᠨ ᠨᠠᠶᠢᠵᠠ ᠨᠠᠷ ᠴᠤ ᠪᠠᠭᠰᠢ᠂ ᠭᠡᠷ ᠤᠨ ᠠᠬᠠᠮᠠᠳ ᠤᠨ ᠢᠶᠠᠨ ᠳᠠᠭᠠᠭᠤᠯᠭ᠎ᠠ ᠳᠣᠣᠷ᠎ᠠ᠂ ᠴᠢᠬᠢ ᠶᠢ ᠲᠦᠰᠢᠵᠦ ᠂ ᠤᠰᠤᠯᠠᠵᠤ᠂ ᠰᠢᠷᠣᠢ ᠨᠡᠮᠡᠵᠦ᠂ ᠶᠠᠭᠠᠷᠠᠯᠲᠠᠢ ᠪᠥᠭᠡᠳ ᠪᠠᠶᠠᠷ ᠪᠠᠶᠠᠰᠬᠤᠯᠠᠩ ᠲᠠᠢ ᠪᠠᠶᠢᠵᠤ᠂ ᠮᠣᠳᠣ ᠲᠠᠷᠢᠬᠤ ᠠᠵᠢᠯᠯᠠᠭ᠎ᠠ ᠶᠢᠨ ᠪᠠᠶᠠᠷ ᠪᠠᠭ᠋ᠠᠳᠤᠯ ᠪᠠ ᠠᠴᠢ ᠬᠤᠯᠪᠣᠭᠳᠠᠯ ᠢ ᠭᠦᠢᠴᠡᠳ ᠣᠶᠢᠯᠠᠭᠠᠪᠠ᠃    ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠳᠤ ᠬᠡᠭᠡᠷ᠎ᠡ ᠶᠢᠨ ᠲᠤᠭᠤᠷ᠂ ᠤᠯᠢᠶᠠᠰᠤᠨ ᠮᠣᠳᠣ᠂ ᠭᠠᠴᠤᠷ᠎ᠠ ᠵᠡᠷᠭᠡ 1000 ᠭᠠᠷᠤᠶ ᠰᠠᠭᠤᠷᠢ ᠮᠣᠳᠣ ᠳᠠᠷᠢᠪᠠ᠃ ᠤᠷᠢᠬᠠᠨ ᠰᠠᠯᠬᠢᠨ ᠤ ᠳᠤᠮᠳᠠ᠂ ᠰᠠᠭᠤᠷᠢ ᠨᠢᠭᠡᠪᠦᠷᠢ ᠰᠢᠨ᠎ᠡ ᠪᠠᠷ ᠲᠠᠷᠢᠭᠰᠠᠨ ᠴᠢᠬᠢ ᠮᠣᠳᠣ ᠰᠡᠬᠦ᠋ᠢᠨ ᠰᠦᠨᠳᠡᠷᠯᠡᠵᠦ᠂ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠵᠦ᠂ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢ ᠳᠠᠮᠵᠢᠭᠤᠯᠤᠨ᠎ᠠ ᠃    ᠣᠶᠢᠷ᠎ᠠ ᠶᠢᠨ ᠵᠢᠯ ᠠᠴᠠ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠣᠭᠤᠭᠠᠷᠠᠭᠤᠯᠵᠤ ᠣᠶᠢᠵᠢᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠣᠳᠣᠨ ᠤ ᠪᠦᠷᠬᠦᠴᠡ ᠶᠢᠨ ᠨᠣᠷᠮ᠎ᠠ ᠵᠢᠯ ᠳᠠᠷᠠᠭᠠᠯᠠᠨ ᠳᠡᠭᠡᠭᠰᠢᠯᠡᠵᠦ᠂ ᠠᠭᠤᠷᠬᠠᠢ ᠶᠢᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃    ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠨᠢ ᠠᠭᠤᠷᠬᠠᠶ ᠶᠢᠨ ᠲᠣᠭᠤᠷᠢᠭ ᠲᠤ ᠰᠢᠨ᠎ᠡ ᠨᠣᠭᠤᠭᠠᠨ ᠥᠩᠭᠡ ᠨᠡᠮᠡᠷᠢᠯᠡᠭᠰᠡᠨ ᠢᠶᠠᠷ ᠪᠠᠷᠠᠬᠤ ᠥᠬᠡᠶ᠂ ᠥᠷᠭᠡᠨ ᠣᠯᠠᠨ ᠺᠠᠳ᠋ᠷ ᠣᠯᠠᠨ ᠲᠦᠮᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠠᠩ ᠴᠢᠩᠭᠠᠳᠬᠠᠪᠠ᠃ ᠤᠯᠠᠨ ᠢᠶᠠᠷ ᠢᠶᠠᠨ᠂ ᠮᠣᠳᠣ ᠲᠠᠷᠢᠵᠤ ᠣᠶᠢᠵᠢᠭᠤᠯᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠯᠠᠭ᠎ᠠ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ ᠪᠠᠶ᠋ᠬᠠᠤᠪᠤᠭ᠎ᠠ ᠶᠢ ᠪᠦᠳᠦᠬᠡᠨ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ