ᠣᠶᠢᠷ᠎ᠠ ᠳᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨ᠎ᠡ ᠬᠤᠯᠪᠣᠭᠠᠲᠤ ᠨᠡᠶᠢᠭᠡᠮᠯᠢᠭ ᠤᠨ ᠭᠡᠰᠢᠭᠦᠨ ᠠᠵᠤ | ᠠᠬᠤᠶᠢᠯᠠᠯ ᠥᠪᠥᠷ ᠮᠣᠩᠭᠤᠯ ᠤᠨ ᠳ᠋ᠦᠩ ᠷᠦᠩ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠶᠠᠩ | ᠭᠤᠸᠠᠩ ᠷᠦᠩ ᠪᠦᠯᠬᠦᠮ ᠳᠠᠭᠠᠭᠤᠯᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠤᠶᠠᠷ ᠰᠤᠷᠭᠠᠭᠤᠯᠢ ᠳᠤ 2 ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ | ᠰᠤᠷᠭᠠᠨ ᠬᠥᠮᠦᠵᠢᠯ ᠤᠨ ᠡᠳ᠋ ᠪᠣᠳᠠᠰ ᠬᠠᠨᠳᠢᠪᠯᠠᠵᠤ᠂ ᠦᠨᠡᠨ ᠬᠦ ᠬᠠᠶᠢᠷ᠎ᠠ ᠬᠠᠯᠠᠮᠵᠢ ᠪᠠᠷ ᠢᠶᠠᠨ ᠨᠡᠶᠢᠭᠡᠮ ᠤᠨ ᠬᠠᠯᠠᠮᠵᠢᠯᠠᠯ ᠢ ᠳᠠᠮᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ | ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠶᠠ ᠰᠢᠤᠢ ᠳ᠋ᠦᠩ ᠪᠡᠯᠡᠭᠯᠡᠨ ᠬᠠᠨᠳᠢᠪᠯᠠᠬᠤ | ᠶᠣᠰᠣᠯᠠᠯ ᠳᠤ ᠣᠷᠣᠯᠴᠠᠪᠠ᠃ | | | | | | ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠰᠤᠷᠭᠠᠭᠤᠯᠢ ᠶᠢᠨ ᠤᠳᠤᠷᠢᠳᠤᠯᠭ᠎ᠠ ᠲᠥᠪ ᠴᠢᠩᠭ᠎ᠠ ᠪᠠᠷ᠂ ᠡᠨᠡ ᠬᠦ ᠬᠠᠶᠢᠷ᠎ᠠ | ᠬᠠᠯᠠᠮᠵᠢ ᠶᠢᠨ ᠬᠠᠨᠳᠢᠪᠯᠠᠯ ᠨᠢ ᠣᠯᠠᠨ ᠤ ᠨᠠᠩ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠵᠢᠭᠠᠨ ᠰᠤᠷᠭᠠᠯᠲᠠ ᠪᠠ ᠰᠤᠷᠤᠯᠴᠠᠯᠭ᠎ᠠ ᠳᠤ ᠣᠷᠣᠯᠴᠠᠬᠤ ᠳᠤ ᠬᠦᠴᠦᠨ | ᠨᠡᠮᠡᠷᠢᠯᠡᠨ᠎ᠡ ᠭᠡᠵᠦ ᠢᠯᠡᠷᠬᠡᠶᠢᠯᠡᠪᠡ ᠃ ᠶᠠᠩ ᠭᠤᠸᠠᠩ ᠷᠦᠩ᠂ ᠠᠵᠤ ᠠᠬᠤᠶᠢᠯᠠᠯ ᠤᠨ ᠬᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠢᠮᠠᠭᠲᠠ ᠠᠩᠬᠠᠷᠴᠤ᠂ | ᠰᠤᠷᠭᠠᠨ ᠬᠥᠮᠦᠵᠢᠯ ᠨᠢ ᠬᠡᠦᠬᠡᠳ ᠤᠨ ᠦᠰᠦᠨ ᠪᠤᠶᠢᠵᠢᠯᠲᠠ ᠪᠠ ᠨᠡᠶᠢᠭᠡᠮ ᠤᠨ ᠳᠠᠪᠰᠢᠯᠲᠠ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠲᠣᠰ | ᠤᠳᠠᠭᠠᠨ ᠤ ᠬᠠᠨᠳᠢᠪᠯᠠᠯ ᠢᠶᠠᠷ ᠳᠠᠮᠵᠢᠭᠤᠯᠤᠨ ᠬᠡᠦᠬᠡᠳ ᠤᠳ ᠲᠤ ᠨᠠᠩ ᠰᠠᠶᠢᠨ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | | | | | | ᠲᠣᠰ ᠤᠳᠠᠭᠠᠨ ᠤ ᠪᠤᠶᠠᠨᠲᠤ ᠠᠵᠢᠯᠯᠠᠭ᠎ᠠ ᠪᠣᠯ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠤ ᠠᠬᠤᠶᠢᠯᠠᠯ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠳᠤ | ᠣᠷᠣᠯᠴᠠᠬᠤ ᠶᠢ ᠠᠬᠢᠭᠤᠯᠤᠭᠰᠠᠨ ᠠᠮᠵᠢᠯᠲᠠ ᠲᠠᠢ ᠦᠢᠯᠡᠳᠦᠯᠭᠡ ᠮᠥᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠢᠨ ᠡᠬᠢ ᠪᠠᠶᠠᠯᠢᠭ ᠢᠶᠠᠨ ᠤᠯᠠᠮ ᠴᠢᠨᠠᠭᠰᠢᠳᠠ ᠨᠡᠶᠢᠳᠬᠡᠵᠦ᠂ ᠲᠠᠪᠴᠠᠩ ᠪᠠᠶᠢᠭᠤᠯᠤᠨ᠎ᠠ᠂ ᠰᠢᠨ᠎ᠡ ᠬᠤᠯᠪᠣᠭᠠᠲᠤ ᠬᠤᠷᠠᠯ ᠴᠤ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ | ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠤᠯᠴᠠᠬᠤ ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠬᠦ ᠶᠢ ᠬᠦᠲᠦᠯᠦᠨ ᠵᠢᠯᠤᠭᠤᠳᠤᠨ᠎ᠠ ᠃ | |