︽ᠭᠠᠷᠠᠭ ᠤᠨ ᠭᠤᠷᠪᠠᠨ ᠳᠤ ᠨᠢᠭᠡ ᠲᠣᠰᠣ ᠨᠡᠮᠡᠬᠦ ᠲᠡᠮᠳᠡᠭᠲᠦ ᠪᠤᠯᠢᠶᠠᠨ ᠣᠯᠵᠤ ᠂ 170 ᠲᠥᠭᠦᠷᠢᠭ ᠵᠣᠭᠤᠰ ᠢᠶᠠᠷ 200 ᠲᠥᠭᠦᠷᠢᠭ ᠤᠨ ᠲᠣᠰᠣ ᠨᠡᠮᠡᠪᠡ᠂ ᠡᠨᠡ | ᠲᠡᠮᠳᠡᠭᠲᠦ ᠪᠣᠯ ᠦᠨᠡᠬᠡᠷ ᠲᠤᠰᠠᠲᠠᠢ ︕︾᠃ | | | | | | ᠪᠦᠦ ᠱᠠᠨ ᠠᠭᠤᠷᠬᠠᠶ ᠶᠢᠨ ᠦᠢᠯᠡᠰ ᠤᠨ ᠠᠵᠢᠯᠲᠠᠨ ᠰᠢᠶᠤᠤ ᠸᠠᠩ ︽ᠦᠨᠡᠨ ᠪᠣᠳᠠᠲᠠᠶ ᠠᠰᠢᠭ ᠬᠦᠷᠲᠡᠭᠡᠭᠰᠡᠨ ︾ ᠡᠯᠧᠺᠲᠷᠤᠨ ᠲᠣᠰᠣ ᠨᠡᠮᠡᠬᠦ ᠲᠡᠮᠳᠡᠭᠲᠦ ᠶᠢ ᠮᠠᠭᠲᠠᠨ | ᠰᠠᠶᠢᠰᠢᠶᠠᠪᠠ ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠠᠴᠠ ᠡᠮᠦᠨ᠎ᠡ ︽ᠽᠦᠩᠽᠢ ᠶᠢᠨ ᠦᠨᠦᠷ ᠬᠠᠩᠬᠤᠯᠤᠭᠰᠠᠨ | ᠠᠭᠤᠷᠬᠠᠶ ᠶᠢᠨ ᠲᠣᠭᠤᠷᠢᠭ · ᠠᠰᠢᠭ ᠬᠦᠷᠲᠡᠭᠡᠬᠦ ᠪᠠᠶ᠋ᠬᠠᠣᠪᠤᠭ᠎ᠠ︾ ᠶᠢᠨ ᠠᠵᠢᠯᠯᠠᠭ᠎ᠠ ᠶᠢ ᠡᠬᠢᠯᠡᠭᠦᠯᠪᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠬᠡᠷᠡᠭᠯᠡᠭᠡ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠬᠦ ᠶᠢᠨ ᠲᠥᠯᠥᠭᠡ᠂ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢ ᠠᠰᠢᠭᠯᠠᠵᠤ ᠢᠳᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭᠲᠦ ᠪᠠ | ᠲᠣᠰᠣ ᠨᠡᠮᠡᠬᠦ ᠥᠷᠲᠡᠭᠡ ᠶᠢᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ | ᠬᠤᠳᠠᠯᠳᠤᠭᠠᠴᠢᠳ ᠤᠨ ᠪᠣᠷᠣᠯᠠᠭᠤᠯᠤᠯᠲᠠ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠬᠠᠮᠲᠤ ᠪᠠᠷ ᠳᠥᠯᠭᠢᠨ ᠠᠬᠢᠭᠤᠯᠪᠠ᠃ | | | | | | ᠡᠨᠡ ᠵᠢᠯ ᠠᠴᠠ ᠨᠠᠭᠠᠰᠢ ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠨᠢ | ᠲᠤᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ | ᠴᠢᠬᠤᠯᠠᠴᠢᠯᠠᠬᠤ᠂ ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠬᠤ ᠶᠢ ᠵᠡᠷᠭᠡ ᠪᠠᠷ ᠠᠳᠬᠤᠬᠤ᠂ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠵᠡᠷᠭᠡ ᠪᠠᠷ ᠶᠠᠪᠤᠭᠳᠠᠭᠤᠯᠬᠤ ᠶᠢ | ᠪᠠᠷᠢᠮᠲᠠᠯᠠᠵᠤ᠂ ᠪᠥᠬᠦ ᠲᠠᠯ᠎ᠠ ᠪᠠᠷ ᠬᠡᠷᠡᠭᠯᠡᠭᠡ ᠶᠢ ᠠᠬᠢᠭᠤᠯᠵᠤ᠂ ᠬᠤᠳᠠᠯᠳᠤᠭᠠᠴᠢᠨ ᠤᠷᠢᠬᠤ ᠶᠢ ᠠᠳᠬᠤᠵᠤ᠂ ᠠᠵᠤ ᠠᠬᠤᠶᠢᠯᠠᠯ ᠢ ᠬᠦᠴᠦᠷᠬᠡᠭᠵᠢᠭᠦᠯᠵᠦ᠂ ᠰᠢᠪᠲᠤᠯᠤᠯᠲᠠ | ᠭᠠᠷᠭᠠᠵᠤ᠂ ᠶᠡᠷᠦ ᠪᠤᠰᠤ ᠶᠢᠨ ᠦᠷ᠎ᠡ ᠪᠦᠲᠦᠮᠵᠢ ᠤᠯᠪᠠ᠃ | ︽ᠽᠦᠩᠽᠢ ᠶᠢᠨ ᠦᠨᠦᠷ ᠬᠠᠩᠬᠤᠯᠤᠭᠰᠠᠨ ᠠᠭᠤᠷᠬᠠᠶ ᠶᠢᠨ ᠲᠣᠭᠤᠷᠢᠭ · ᠠᠰᠢᠭ ᠬᠦᠷᠲᠡᠭᠡᠬᠦ ᠪᠠᠶ᠋ᠬᠠᠣᠪᠤᠭ᠎ᠠ︾ ᠶᠢᠨ ᠠᠵᠢᠯᠯᠠᠭ᠎ᠠ ᠠᠴᠠ ᠡᠮᠦᠨ᠎ᠡ᠂ ᠪᠠᠶ᠋ᠬᠠᠣᠪᠤᠭ᠎ᠠ | ᠠᠭᠤᠷᠬᠠᠢ ᠶᠢᠨ ᠲᠣᠭᠤᠷᠢᠭ ᠨᠢᠭᠡᠨᠲᠡ ︽ ᠠᠯᠲᠠᠨ ᠮᠤᠭᠠᠢ ᠶᠢᠨ ᠡᠷᠭᠦᠯᠲᠡ᠂ ᠠᠰᠢᠭ ᠲᠤᠰᠠ ᠶᠢ ᠬᠠᠮᠲᠤ ᠪᠠᠷ ᠡᠳ᠋ᠯᠡᠬᠦ ︾ ᠪᠠ ︽ᠴᠠᠭᠠᠨ ᠰᠠᠷ᠎ᠠ ᠶᠢᠨ ᠪᠠᠷᠠᠭ᠎ᠠ ᠶᠢ ᠪᠠᠶᠠᠷᠯᠠᠨ | ᠪᠡᠯᠭᠡᠯᠡᠵᠦ ᠬᠤᠳᠠᠯᠳᠤᠨ ᠠᠪᠬᠤ᠂ ᠪᠠᠶᠠᠷ ᠪᠠᠶᠠᠰᠬᠤᠯᠠᠩᠲᠤ ᠵᠢᠶᠠ ᠨᠢᠶᠠᠨ ᠬᠤᠸᠠ ︾ ᠵᠡᠷᠭᠡ ᠣᠯᠠᠨ ᠲᠠᠯᠠᠪᠤᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠠᠮᠵᠢᠯᠲᠠ ᠲᠠᠢ | ᠡᠷᠬᠢᠯᠡᠵᠦ᠂ ᠥᠷᠭᠡᠨ ᠣᠯᠠᠨ ᠰᠠᠭᠤᠭᠠᠯᠢ ᠠᠷᠠᠳ ᠲᠤ ᠦᠨᠡᠨ ᠪᠣᠳᠠᠲᠠᠶ ᠠᠰᠢᠭ ᠬᠦᠷᠲᠡᠭᠡᠭᠰᠡᠨ ᠢᠶᠠᠷ ᠪᠠᠷᠠᠬᠤ ᠦᠭᠡᠢ᠂ ᠲᠤᠬᠠᠶ ᠶᠢᠨ ᠭᠠᠵᠠᠷ ᠤᠨ ᠮᠠᠰᠢ ᠣᠯᠠᠨ | ᠬᠤᠳᠠᠯᠳᠤᠭᠠᠴᠢᠨ ᠤ ᠡᠵᠡᠩᠨᠡᠯᠲᠡ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ ᠳᠠᠶᠢᠴᠢᠯᠠᠨ ᠳᠡᠭᠡᠭᠰᠢᠯᠡᠭᠦᠯᠪᠡ᠃ | ᠬᠡᠷᠡᠭᠯᠡᠭᠡ ᠬᠥᠭᠵᠢᠨ ᠪᠠᠳᠠᠷᠠᠬᠤ ᠶᠢᠨ ᠬᠠᠮᠲᠤ᠂ ᠪᠠᠶ᠋ᠬᠠᠣᠪᠤᠭ᠎ᠠ ᠶᠢᠨ ᠤᠯᠠᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠴᠦ ᠲᠦᠷᠭᠡᠨ ᠨᠡᠮᠡᠭᠳᠡᠬᠦ ᠬᠠᠨᠳᠤᠰᠢ ᠲᠠᠢ | ᠪᠣᠯᠪᠠ᠃ ᠪᠦᠷᠢᠳᠬᠡᠯ ᠢ ᠦᠨᠳᠦᠰᠦᠯᠡᠪᠡᠯ᠂ 1 — 4 ᠳ᠋ᠦ᠋ᠭᠡᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 32.2% ᠢᠶᠠᠷ ᠨᠡᠮᠡᠭᠳᠡᠵᠦ᠂ ᠵᠢᠵᠢᠭᠯᠡᠨ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 27.5% ᠪᠠᠷ ᠨᠡᠮᠡᠭᠳᠡᠵᠦ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠲᠠᠸᠠᠷ ᠤᠨ ᠡᠵᠡᠩᠨᠡᠯᠲᠡ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 30.3% ᠪᠠᠷ ᠨᠡᠮᠡᠭᠳᠡᠵᠦ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠲᠠᠸᠠᠷ ᠤᠨ ᠡᠵᠡᠩᠨᠡᠯᠲᠡ ᠶᠢᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 45.6% ᠪᠠᠷ ᠨᠡᠮᠡᠭᠳᠡᠵᠦ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ | ᠠᠳᠠᠯᠢ ᠬᠤᠭᠤᠴᠠᠭᠠᠨ ᠤ ᠬᠢ ᠠᠴᠠ 77.4% ᠪᠠᠷ ᠨᠡᠮᠡᠭᠳᠡᠵᠦ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠤᠨ | ᠲᠠᠯ᠎ᠠ ᠶᠢᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ᠃ | ᠳᠤᠷᠠᠳᠤᠭᠤᠰᠢᠲᠠᠶ ᠨᠢ᠂ ᠪᠥᠬᠦ ᠤᠯᠤᠰ ᠤᠨ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠤᠯᠲᠠ ᠶᠢᠨ ᠣᠷᠣᠨ ᠤ ᠭᠠᠳᠠᠨᠠᠬᠢ ᠭᠠᠶᠢᠯᠢ ᠪᠠᠲᠤᠯᠠᠬᠤ ᠰᠡᠯᠪᠢᠨ ᠵᠠᠰᠠᠬᠤ | ᠲᠤᠬᠠᠶᠢᠯᠠᠭᠰᠠᠨ ᠠᠵᠢᠯ ︵ᠲᠣᠮᠣ ᠬᠡᠯᠪᠡᠷᠢ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠪᠠᠷ ᠭᠤᠤᠯ ᠪᠣᠯᠭᠠᠬᠤ︶ ᠤᠨ ᠠᠩᠬᠠᠳᠠᠭᠴᠢ ᠲᠤᠷᠰᠢᠯᠲᠠ ᠶᠢᠨ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠣᠪᠣᠭ᠎ᠠ ᠣᠶᠣᠨᠲᠣ ᠦᠢᠯᠡᠳᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠣᠲᠣ ᠪᠣᠯᠲᠠᠯ᠎ᠠ | ᠮᠣᠩᠭᠤᠯ ᠤᠯᠤᠰ ᠤᠨ ᠺᠠᠩ ᠮᠢᠩ ᠰᠧ ᠬᠥᠳᠡᠯᠭᠡᠭᠦᠷ ᠢ 5 ᠰᠠᠤᠷᠢ ᠭᠥᠯᠢᠶᠡᠨ ᠠᠪᠴᠤ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠦᠷᠨᠢᠭᠦᠯᠪᠡ ᠂ ᠡᠭᠦᠨ ᠳᠤ ᠡᠨᠡ ᠵᠢᠯ 4 ᠰᠠᠤᠷᠢ | ᠮᠠᠰᠢᠨ ᠬᠦᠯᠢᠶᠡᠨ ᠠᠪᠴᠤ᠂ ᠣᠳᠣᠬᠠᠨ ᠳᠤ 1 ᠰᠠᠤᠷᠢ ᠶᠢ ᠨᠢᠭᠡᠨᠲᠡ ᠰᠡᠯᠪᠢᠨ ᠵᠠᠰᠠᠵᠤ ᠳᠠᠭᠤᠰᠬᠠᠭᠰᠠᠨ ᠪᠥᠭᠡᠳ ᠮᠣᠩᠭᠤᠯ ᠤᠯᠤᠰ ᠲᠤ ᠪᠤᠴᠠᠭᠠᠵᠤ᠂ 350 ᠲᠦᠮᠡᠨ | ᠲᠥᠭᠦᠷᠢᠭ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠪᠣᠶ ᠪᠣᠯᠤᠭᠰᠠᠨ ᠪᠠᠶᠢᠨ᠎ᠠ᠃ | ︽ᠪᠠᠶ᠋ᠬᠠᠣᠪᠤᠭ᠎ᠠ ᠠᠴᠠ ᠭᠠᠷᠴᠤ ᠪᠠᠶ᠋ᠬᠠᠣᠪᠤᠭ᠎ᠠ ᠶᠢ ᠲᠥᠯᠥᠪᠵᠢᠭᠦᠯᠵᠦ᠂ ᠪᠠᠶ᠋ᠬᠠᠣᠪᠤᠭ᠎ᠠ ᠶᠢ ᠬᠥᠭᠵᠢᠭᠦᠯᠬᠦ︾ ᠪᠦᠲᠦᠮᠵᠢᠲᠡᠶ ᠦᠢᠯᠡᠳᠦᠯᠭᠡ ᠪᠣᠯᠤᠭᠰᠠᠨ ᠤ ᠬᠤᠪᠢ ᠳᠤ᠂ | 2025 ᠣᠨ ᠠᠴᠠ ᠨᠠᠭᠠᠰᠢ ᠂ ᠪᠠᠶ᠋ᠬᠠᠣᠪᠤᠭ᠎ᠠ ᠶᠢᠨ ᠣᠭᠤᠷᠴᠤᠭ ᠭᠠᠵᠠᠷ ᠤᠨ ᠱᠤᠸᠠᠩ ᠴᠤᠸᠠᠩ ᠬᠦᠷᠢᠶᠡᠯᠡᠩ ᠲᠣᠭᠤᠷᠢᠭ ᠲᠤ ᠨᠢᠭᠡᠨᠲᠡ 67 ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠣᠳᠣᠬᠠᠨ ᠳᠤ 636 ᠠᠵᠤ ᠠᠬᠤᠶᠢᠯᠠᠯ ᠦᠷᠭᠦᠯᠵᠢᠯᠡᠨ ᠰᠠᠭᠤᠷᠢᠰᠢᠵᠤ ᠂ 6.83 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠪᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠬᠦᠴᠦᠷᠬᠡᠭ ᠬᠥᠳᠡᠯᠭᠡᠭᠦᠷ︾ ᠮᠥᠨ᠂ | ᠨᠡᠩ ᠴᠤ ᠠᠵᠤ ᠦᠢᠯᠡᠰ ᠤᠨ ᠳᠡᠰ ᠳᠡᠪᠰᠢᠬᠦ ︽ᠠᠯᠲᠠᠨ ᠲᠦᠯᠬᠢᠭᠦᠷ︾ ᠮᠥᠨ᠃ ᠡᠨᠡ ᠵᠢᠯ ᠠᠴᠠ ᠨᠠᠭᠠᠰᠢ ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠦᠷᠭᠦᠯᠵᠢᠯᠡᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ︽ᠲᠡᠷᠢᠭᠦᠨ ᠢᠨᠵᠧᠨᠧᠷᠢᠩ︾ ᠳᠤ ᠣᠷᠣᠭᠤᠯᠵᠤ᠂ ︽ᠶᠡᠭᠡ ᠬᠦᠴᠦᠷᠬᠡᠭ ᠢ ᠡᠯᠰᠡᠬᠦ᠂ ᠰᠢᠨ᠎ᠡ ᠰᠢᠯᠢᠳᠡᠭ ᠢ ᠡᠯᠰᠡᠬᠦ︾ | ᠬᠠᠷᠠᠯᠲᠠ ᠶᠢ ᠲᠣᠭᠲᠠᠭᠠᠵᠤ᠂ ︽ 2 + 3 + N︾ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠣᠭᠤᠷᠢᠨ ᠳᠤ᠂ ᠠᠷᠭ᠎ᠠ ᠪᠦᠬᠦᠨ ᠢ ᠰᠦᠪᠡᠭᠴᠢᠯᠡᠨ | ᠬᠡᠯᠬᠢᠶ᠎ᠡ ᠶᠢ ᠬᠦᠴᠦᠷᠬᠡᠭᠵᠢᠭᠦᠯᠵᠦ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ ᠲᠦᠷᠦᠯ ᠵᠦᠢᠯ ᠢ ᠣᠷᠣᠭᠤᠯᠤᠨ ᠠᠪᠴᠢᠷᠠᠪᠠ᠃ ᠣᠳᠣᠬᠠᠨ ᠪᠣᠯᠲᠠᠯ᠎ᠠ᠂ ᠡᠯ᠎ᠡ | ᠬᠤᠳᠠᠯᠳᠤᠭᠠᠴᠢᠨ ᠤᠷᠢᠬᠤ ᠠᠵᠤ ᠦᠢᠯᠡᠰ ᠤᠨ ᠬᠡᠯᠬᠢᠶ᠎ᠡ ᠶᠢᠨ ᠳᠤᠭᠤᠶᠢᠯᠠᠩ᠂ ᠭᠤᠣᠯᠳᠠᠯᠭ᠎ᠠ ᠲᠠᠢ ᠠᠩᠬᠠᠷᠬᠤ ᠠᠵᠤ ᠦᠢᠯᠡᠰ ᠨᠡᠶᠢᠲᠡ 23 ᠤᠳᠠᠭ᠎ᠠ ᠭᠠᠳᠠᠭᠰᠢ ᠭᠠᠷᠴᠤ | ᠬᠤᠳᠠᠯᠳᠤᠭᠠᠴᠢᠨ ᠤᠷᠢᠵᠤ ᠂ 64 ᠠᠵᠤ ᠠᠬᠤᠶᠢᠯᠠᠯ ᠲᠠᠢ ᠵᠣᠯᠭᠠᠭᠤᠯᠵᠤ᠂ ᠪᠣᠭᠤᠲᠤ ᠳᠤ 126 ᠠᠵᠤ ᠠᠬᠤᠶᠢᠯᠠᠯ ᠠᠭᠤᠯᠵᠠᠵᠤ᠂ ᠨᠡᠶᠢᠲᠡ 190 ᠠᠵᠤ ᠠᠬᠤᠶᠢᠯᠠᠯ ᠲᠠᠢ | ᠵᠣᠯᠭᠠᠭᠤᠯᠪᠠ ᠂ 1 — 4 ᠳ᠋ᠦ᠋ᠭᠡᠷ ᠰᠠᠷ᠎ᠠ ᠳᠤ ᠰᠢᠨ᠎ᠡ ᠪᠠᠷ ᠭᠡᠷ᠎ᠡ ᠲᠣᠭᠲᠠᠭᠰᠠᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ 10 ᠪᠠᠶᠢᠵᠤ ᠂ | ᠵᠥᠪᠯᠡᠯᠴᠡᠭᠡᠷ ᠤᠨ ᠶᠡᠷᠦᠩᠬᠡᠶ ᠪᠠᠯᠠ ᠣᠷᠣᠭᠤᠯᠤᠯᠲᠠ ᠨᠢ 92.1 ᠳ᠋ᠦᠩᠰᠢᠭᠤᠷ ᠲᠥᠭᠦᠷᠢᠭ ᠲᠤ ᠬᠦᠷᠴᠦ᠂ 6 ᠲᠦᠷᠦᠯ ᠵᠦᠢᠯ ᠢ ᠨᠠᠶᠢᠳᠠᠪᠤᠷᠢᠵᠢᠭᠤᠯᠵᠤ᠂ 3 ᠲᠦᠷᠦᠯ | ᠵᠦᠢᠯ ᠢ ᠡᠬᠢᠯᠡᠬᠦᠯᠪᠡ ︵ᠡᠭᠦᠨ ᠳᠤ ᠣᠷᠣᠨ ᠤ ᠭᠠᠳᠠᠨᠠᠬᠢ ᠲᠥᠷᠥᠯ ᠵᠦᠢᠯ 6᠂ ᠵᠥᠪᠯᠡᠯᠴᠡᠭᠡᠷ ᠤᠨ ᠶᠡᠷᠦᠩᠬᠡᠶ ᠪᠠᠯᠠ ᠣᠷᠣᠭᠤᠯᠤᠯᠲᠠ ᠨᠢ 78 ᠳ᠋ᠦᠩᠰᠢᠭᠤᠷ ᠲᠥᠭᠦᠷᠢᠭ᠂ 3 | ᠲᠥᠷᠥᠯ ᠵᠦᠢᠯ ᠢ ᠨᠠᠶᠢᠳᠠᠪᠤᠷᠢᠵᠢᠭᠤᠯᠤᠨ᠂ 1 ᠲᠥᠷᠥᠯ ᠵᠦᠢᠯ ᠢ ᠠᠵᠢᠯ ᠡᠬᠢᠯᠡᠭᠦᠯᠪᠡ︶᠃ 1 — 4 ᠳ᠋ᠦ᠋ᠭᠡᠷ ᠰᠠᠷ᠎ᠠ ᠳᠤ᠂ ᠣᠷᠣᠨ ᠤ ᠭᠠᠳᠠᠨᠠᠬᠢ ᠪᠣᠳᠠᠲᠠᠶᠢᠵᠢᠭᠤᠯᠤᠭᠰᠠᠨ | ᠪᠠᠯᠠ ᠮᠥᠩᠭᠦ ᠶᠢ 8.89 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 90.3% ᠪᠠᠷ ᠨᠡᠮᠡᠭᠳᠡᠪᠡ᠃ ᠨᠠᠮ ᠵᠠᠰᠠᠭ ᠤᠨ ᠭᠤᠣᠯ | ᠤᠳᠤᠷᠢᠳᠤᠯᠭ᠎ᠠ ᠪᠦᠯᠬᠦᠮ ᠳᠠᠭᠠᠭᠤᠯᠤᠨ 11 ᠤᠳᠠᠭ᠎ᠠ ᠭᠠᠳᠠᠭᠰᠢ ᠭᠠᠷᠴᠤ ᠬᠤᠳᠠᠯᠳᠤᠭᠠᠴᠢᠨ ᠤᠷᠢᠪᠠ ᠃ ᠪᠥᠬᠦ ᠲᠣᠭᠤᠷᠢᠭ ᠲᠤ ᠣᠳᠣᠬᠠᠨ ᠳᠤ 43 ᠲᠥᠷᠥᠯ ᠵᠦᠢᠯ ᠢ | ᠶᠠᠷᠢᠯᠴᠠᠵᠤ ᠪᠠᠶᠢᠨ᠎ᠠ᠂ ᠡᠭᠦᠨ ᠳᠤ ᠶᠠᠷᠢᠯᠴᠠᠵᠤ ᠪᠠᠶᠢᠭ᠎ᠠ ᠲᠥᠷᠥᠯ ᠵᠦᠢᠯ ᠳᠤ ᠭᠤᠤᠯᠳᠠᠯᠭ᠎ᠠ ᠲᠠᠢ ᠠᠬᠢᠭᠤᠯᠬᠤ ᠴᠢᠬᠤᠯᠠᠲᠠᠶ 19 ᠪᠠᠶᠢᠵᠤ᠂ ᠦᠷᠭᠦᠯᠵᠢᠯᠡᠨ ᠳᠠᠭᠠᠬᠤ ᠴᠢᠬᠤᠯᠠᠲᠠᠢ | ᠠᠵᠤ ᠠᠬᠤᠶᠢᠯᠠᠯ 24 ᠪᠠᠶᠢᠨ᠎ᠠ ᠁ ᠨᠢᠭᠡ ᠪᠦᠯᠦᠭ ᠨᠢᠳᠦ ᠬᠢᠯᠠᠰᠤᠮ᠎ᠠ ᠲᠤᠭ᠎ᠠ ᠪᠠᠷᠢᠮᠲᠠ ᠨᠢ ᠴᠢᠨᠠᠷ ᠰᠠᠶᠢᠲᠠᠶ ᠬᠥᠭᠵᠢᠯᠲᠡ ᠶᠢᠨ ᠮᠤᠷᠤᠢ ᠱᠤᠭᠤᠮ ᠢ ᠬᠠᠮᠲᠤ ᠪᠠᠷ | ᠵᠢᠷᠤᠭᠯᠠᠵᠤ ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠢᠯᠡᠰ ᠢ ᠶᠡᠬᠡᠪᠡᠷ ᠠᠳᠬᠤᠬᠤ᠂ ᠲᠦᠷᠦᠯ ᠵᠦᠢᠯ ᠢ ᠶᠡᠬᠡᠪᠡᠷ ᠠᠳᠬᠤᠬᠤ᠂ ᠬᠤᠳᠠᠯᠳᠤᠭᠠᠴᠢᠨ ᠤᠷᠢᠬᠤ ᠶᠢ | ᠶᠡᠬᠡᠪᠡᠷ ᠠᠳᠬᠤᠬᠤ ᠰᠠᠶᠢᠨ ᠰᠠᠶᠢᠬᠠᠨ ᠪᠠᠶᠢᠳᠠᠯ ᠢ ᠭᠡᠷᠡᠴᠢᠯᠡᠪᠡ᠃ | |